ᠣᠳᠣᠬᠠᠨ ᠳᠤ ᠪᠡᠭᠡᠵᠢᠩ᠂ ᠾᠧᠪᠧᠢ ᠵᠡᠷᠭᠡ ᠭᠠᠵᠠᠷ ᠲᠤ ᠠᠭᠠᠭᠢᠮ᠎ᠠ ᠬᠠᠯᠠᠭᠤᠨ ᠴᠠᠭ ᠠᠭᠤᠷ ᠦᠷᠭᠦᠯᠵᠢᠯᠡᠵᠦ ᠪᠠᠶᠢᠨ᠎ᠠ᠃ ᠤᠯᠤᠰ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ ᠨᠡᠶᠢᠲᠡᠯᠡᠵᠦ᠂ ᠬᠡᠦᠬᠡᠳ ᠤᠨ ᠨᠠᠷᠠᠰᠢᠬᠤ ᠪᠣᠯ ᠪᠠᠭ᠎ᠠ ᠶᠠᠪᠤᠳᠠᠯ ᠪᠢᠰᠢ᠂ ᠭᠡᠷ ᠤᠨ ᠠᠬᠠᠮᠠᠳ ᠨᠠᠷ | ᠬᠡᠦᠬᠡᠳ ᠤᠨ ᠨᠠᠷᠠᠰᠢᠬᠤ ᠶᠢ ᠤᠷᠢᠳᠴᠢᠯᠠᠨ ᠰᠡᠷᠭᠡᠶᠢᠯᠡᠬᠦ᠂ ᠨᠠᠷᠠᠰᠢᠭᠰᠠᠨ ᠪᠠᠶᠢᠳᠠᠯ ᠢ ᠢᠯᠭᠠᠨ ᠲᠠᠨᠢᠬᠤ ᠵᠢᠴᠢ ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ | ᠬᠠᠷᠠᠭᠠᠯᠵᠠᠬᠤ ᠲᠤᠬᠠᠢ ᠮᠡᠳᠡᠯᠭᠡ ᠶᠢ ᠣᠶᠢᠯᠠᠭᠠᠬᠤ ᠬᠡᠷᠡᠭᠲᠡᠢ ᠭᠡᠵᠡᠢ᠃ | ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠭᠢᠯᠡᠭᠴᠢ ᠡᠮᠴᠢ ᠸᠠᠩ ᠴᠢᠤᠸᠠᠨ ᠢᠯᠡᠷᠬᠡᠶᠢᠯᠡᠬᠦ ᠳᠡᠭᠡᠨ᠂ ᠬᠡᠦᠬᠡᠳ᠂ ᠵᠢᠷᠮᠦᠰᠦᠨ ᠪᠠ | ᠬᠥᠩᠭᠡᠵᠢᠭᠰᠡᠨ ᠡᠮᠡᠭᠲᠡᠢ᠂ ᠨᠠᠰᠤᠲᠠᠶᠢᠴᠤᠳ᠂ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠲᠡᠨ ᠵᠢᠴᠢ ᠭᠡᠷ ᠤᠨ ᠭᠠᠳᠠᠨ᠎ᠠ ᠠᠵᠢᠯᠯᠠᠳᠠᠭ ᠠᠵᠢᠯᠲᠠᠨ ᠵᠡᠷᠭᠡ | ᠬᠥᠮᠥᠰ ᠨᠠᠩ ᠠᠮᠠᠷᠬᠠᠨ ᠨᠠᠷᠠᠰᠢᠬᠤ ᠪᠣᠯᠬᠤᠷ ᠲᠣᠰ ᠪᠡᠶ᠎ᠡ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠪᠠᠨ ᠣᠨᠴᠠᠭᠠᠶ ᠴᠢᠩᠭᠠᠳᠬᠠᠬᠤ ᠬᠡᠷᠡᠭᠲᠡᠢ ᠭᠡᠵᠡᠢ᠃ ᠢᠯᠠᠩᠭᠤᠶ᠎ᠠ | ᠬᠡᠦᠬᠡᠳ ᠤᠨ ᠪᠡᠶ᠎ᠡ ᠮᠠᠬᠠᠪᠤᠳ ᠨᠢ ᠨᠠᠰᠤᠨ ᠳᠤ ᠭᠦᠷᠦᠭᠰᠡᠳ ᠲᠠᠢ ᠠᠳᠠᠯᠢ ᠦᠭᠡᠢ ᠪᠠᠶᠢᠵᠤ᠂ ᠲᠡᠳᠡᠨ ᠤ ᠰᠢᠨ᠎ᠡ ᠬᠠᠭᠤᠴᠢᠨ ᠤ ᠰᠣᠯᠢᠯᠴᠠᠭ᠎ᠠ ᠨᠢ ᠲᠦᠷᠭᠡᠨ᠂ | ᠬᠥᠯᠥᠰᠦᠨ ᠪᠤᠯᠴᠢᠷᠬᠠᠢ ᠶᠢᠨ ᠪᠤᠶᠢᠵᠢᠯᠲᠠ ᠨᠢ ᠬᠠᠷᠠᠬᠠᠨ ᠪᠣᠯᠪᠠᠰᠤᠷᠠᠭᠠᠳᠤᠢ᠂ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠰᠢᠰᠲ᠋ᠧᠮ ᠨᠢ ᠪᠤᠶᠢᠵᠢᠯᠲᠠ ᠳᠠᠭᠠᠨ ᠪᠠᠶᠢᠬᠤ | ᠤᠴᠢᠷ ᠠᠴᠠ ᠨᠡᠩ ᠠᠮᠠᠷᠬᠠᠨ ᠨᠠᠷᠠᠰᠢᠳᠠᠭ᠃ | ᠬᠡᠷᠬᠢᠨ ᠬᠡᠦᠬᠡᠳ ᠤᠨ ᠨᠠᠷᠠᠰᠢᠬᠤ ᠠᠴᠠ ᠰᠡᠷᠭᠡᠶᠢᠯᠡᠬᠦ ᠪᠤᠶ︖ ᠡᠷᠡᠭᠦᠯ ᠮᠡᠨᠳᠦ ᠶᠢᠨ ᠰᠠᠨᠠᠭᠤᠯᠤᠮᠵᠢ ᠶᠢ ᠦᠨᠳᠦᠰᠦᠯᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠤ | ᠴᠠᠭ ᠪᠠ ᠭᠠᠵᠠᠷ᠂ ᠥᠨᠳᠥᠷ ᠳᠤᠯᠠᠭᠠᠨ᠂ ᠴᠢᠭᠢᠭ ᠶᠡᠬᠡᠲᠡᠢ ᠠᠭᠤᠷ ᠠᠮᠢᠰᠬᠤᠯ ᠢ ᠪᠠᠭᠲᠠᠭᠠᠭᠰᠠᠨ ᠵᠢᠷᠭᠤᠭᠠᠨ ᠲᠠᠯ᠎ᠠ ᠶᠢ ᠠᠩᠬᠠᠷᠬᠤ ᠭᠡᠷᠡᠭᠲᠡᠢ; ᠬᠥᠩᠭᠡᠨ᠂ | ᠠᠭᠤᠵᠢᠭᠤ᠂ ᠭᠦᠢᠬᠡᠨ ᠥᠩᠭᠡ ᠲᠠᠢ᠂ ᠠᠭᠠᠷ ᠨᠡᠪᠲᠡᠷᠡᠬᠦ ᠬᠤᠪᠴᠠᠰᠤ ᠡᠮᠦᠰᠴᠦ᠂ ᠴᠠᠭ ᠲᠤᠬᠠᠢ ᠳᠤᠨᠢ ᠬᠥᠯᠥᠰᠦᠨ ᠳᠤ ᠳᠡᠪᠲᠦᠭᠰᠡᠨ ᠬᠤᠪᠴᠠᠰᠤ ᠪᠠᠨ ᠰᠣᠯᠢᠨ᠎ᠠ; | ᠬᠡᠦᠬᠡᠳ ᠤᠨ ᠭᠦᠢᠴᠡᠳ ᠤᠰᠤ ᠤᠤᠭᠤᠬᠤ ᠶᠢ ᠪᠠᠲᠤᠯᠠᠵᠤ᠂ ᠤᠰᠤ ᠪᠤᠶᠤ ᠴᠠᠭᠢᠯᠭᠠᠨ ᠵᠠᠳᠠᠯᠤᠬᠳᠠᠬᠤᠨ ᠤᠮᠳᠠᠭᠠᠨ ᠤᠤᠭᠤᠬᠤ ᠨᠢ ᠳᠤᠭᠢᠷᠠᠮᠵᠢᠳᠠᠢ; ᠥᠭᠡᠬᠦ | ᠲᠣᠰᠣ ᠪᠠᠭᠠᠲᠠᠢ ᠰᠢᠩᠭᠡᠭᠡᠬᠦ ᠳᠤ ᠭᠢᠯᠪᠠᠷ ᠢᠳᠡᠭᠡᠨ ᠢ ᠢᠯᠡᠭᠦᠬᠡᠨ ᠢᠳᠡᠭᠦᠯᠪᠡᠯ ᠵᠤᠭᠢᠨ᠎ᠠ; ᠬᠡᠦᠬᠡᠳ ᠤᠨ ᠭᠦᠢᠴᠡᠳ ᠠᠮᠠᠷᠠᠬᠤ ᠶᠢ ᠪᠠᠲᠤᠯᠠᠬᠤ ᠭᠡᠷᠡᠭᠲᠡᠢ; | ᠣᠳᠣᠬᠠᠨ ᠳᠤ ᠨᠡᠶᠢᠳᠡᠮ ᠮᠡᠳᠡᠷᠡᠭᠳᠡᠭᠰᠡᠨ ᠬᠡᠦᠬᠡᠳ ᠤᠨ ᠨᠠᠷᠠᠰᠢᠬᠤ ᠳᠤ ᠲᠣᠬᠢᠷᠠᠬᠤ ᠡᠮ ᠭᠡᠵᠦ ᠪᠠᠶᠢᠬᠤ ᠦᠭᠡᠢ᠂ ᠭᠡᠷ ᠤᠨ ᠠᠬᠠᠮᠠᠳ ᠤᠳ ᠬᠡᠦᠬᠡᠳ ᠲᠡᠭᠡᠨ ᠳᠤᠷ᠎ᠠ | ᠪᠠᠷ ᠢᠶᠠᠨ ︽ᠨᠠᠷᠠᠰᠢᠬᠤ ᠠᠴᠠ ᠰᠡᠷᠭᠡᠶᠢᠯᠡᠬᠦ ᠡᠮ︾ ᠤᠤᠭᠤᠯᠭᠠᠵᠤ ᠪᠤᠯᠬᠤ ᠦᠭᠡᠢ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠠᠷᠠᠰᠢᠬᠤ ᠶᠢ ᠤᠷᠢᠲᠠᠯ ᠰᠢᠨᠵᠢᠲᠦ ᠨᠠᠷᠠᠰᠢᠬᠤ᠂ ᠬᠥᠩᠭᠡᠨ ᠨᠠᠷᠠᠰᠢᠬᠤ ᠪᠠ ᠬᠦᠨᠳᠦ ᠨᠠᠷᠠᠰᠢᠬᠤ ᠵᠡᠷᠭᠡ | ᠱᠠᠲᠤ ᠬᠤᠪᠢᠶᠠᠳᠠᠭ᠃ ᠥᠨᠳᠥᠷ ᠳᠤᠯᠠᠭᠠᠨ᠂ ᠥᠨᠳᠥᠷ ᠴᠢᠭᠢᠭᠯᠢᠭ ᠣᠷᠴᠢᠨ ᠲᠣᠭᠤᠷᠢᠨ ᠢᠯᠡᠷᠡᠭᠰᠡᠨ ᠤ ᠳᠠᠷᠠᠭ᠎ᠠ᠂ ᠬᠡᠦᠬᠡᠳ ᠤᠳ ᠶᠠᠳᠠᠷᠠᠵᠤ ᠲᠠᠮᠢᠷᠳᠠᠬᠤ᠂ ᠲᠣᠯᠣᠭᠠᠢ | ᠡᠷᠭᠢᠵᠦ ᠲᠣᠯᠣᠭᠠᠢ ᠡᠪᠡᠳᠬᠦ᠂ ᠠᠮᠠ ᠬᠠᠲᠠᠵᠤ ᠬᠥᠯᠥᠰᠦ ᠶᠡᠭᠡ ᠭᠠᠷᠬᠤ᠂ ᠳᠤᠷ᠎ᠠ ᠪᠣᠯᠭᠢᠵᠤ ᠪᠥᠭᠡᠯᠵᠢᠬᠦ᠂ ᠴᠢᠷᠠᠢ ᠬᠤᠵᠢᠢᠬᠤ᠂ ᠵᠢᠷᠦᠬᠡᠨ ᠴᠣᠬᠢᠯᠭ᠎ᠠ ᠲᠦᠷᠭᠡᠰᠬᠦ᠂ ᠤᠰᠤ | ᠠᠯᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ ᠨᠠᠷᠠᠰᠢᠭᠰᠠᠨ ᠪᠠᠶᠢᠬᠤ ᠮᠠᠭᠠᠳ ᠦᠭᠡᠢ᠃ | ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠪᠤᠶ︖ ᠡᠷᠡᠭᠦᠯ ᠮᠡᠨᠳᠦ ᠶᠢᠨ ᠰᠠᠨᠠᠭᠤᠯᠤᠮᠵᠢ ᠳᠤ ᠬᠡᠷᠪᠡ ᠬᠡᠦᠬᠡᠳ ᠨᠠᠷᠠᠰᠢᠬᠤ ᠢᠯᠡᠷᠡᠯ ᠲᠠᠢ | ᠪᠠᠶᠢᠪᠠᠯ᠂ ︽ᠨᠢᠭᠡ ᠳᠤ ᠨᠡᠭᠦᠯᠭᠡᠬᠦ᠂ ᠬᠤᠶᠠᠷ ᠲᠤ ᠪᠠᠭᠤᠷᠠᠭᠤᠯᠬᠤ᠂ ᠭᠤᠷᠪᠠ ᠳᠤ ᠨᠥᠬᠦᠪᠦᠷᠢᠯᠡᠬᠦ᠂ ᠳᠥᠷᠪᠡ ᠳᠤ ᠰᠢᠯᠵᠢᠭᠦᠯᠬᠦ︾ ᠵᠠᠷᠴᠢᠮ ᠢᠶᠠᠷ ᠰᠢᠢᠳᠪᠦᠷᠢᠯᠡᠨ᠎ᠡ᠄ | ᠨᠡᠭᠦᠭᠡᠯᠭᠡᠭᠦ ᠭᠡᠳᠡᠭ ᠨᠢ ᠬᠡᠦᠬᠡᠳ ᠢ ᠥᠨᠳᠥᠷ ᠬᠠᠯᠠᠭᠤᠨ᠂ ᠥᠨᠳᠥᠷ ᠴᠢᠭᠢᠭᠯᠢᠭ᠂ ᠪᠢᠲᠡᠭᠦᠮᠵᠢᠯᠡᠭᠰᠡᠨ᠂ ᠨᠡᠷᠡᠨ ᠳᠤ ᠰᠢᠷᠠᠭᠳᠠᠭᠰᠠᠨ ᠣᠷᠴᠢᠨ ᠠᠴᠠ ᠦᠳᠲᠡᠷ ᠲᠦᠷᠭᠡᠨ | ᠵᠠᠶᠢᠯᠠᠭᠤᠯᠵᠤ᠂ ᠰᠡᠷᠢᠭᠦᠨ ᠭᠠᠵᠠᠷ ᠰᠢᠯᠵᠢᠭᠦᠯᠦᠨ᠎ᠡ; ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠣᠯ ᠨᠠᠷᠠᠰᠢᠭᠰᠠᠨ ᠠᠴᠠ ᠲᠦᠷᠭᠡᠨ ᠠᠪᠤᠷᠠᠬᠤ ᠬᠠᠮᠤᠭ ᠤᠨ | ᠴᠢᠬᠤᠯᠠ ᠠᠷᠭ᠎ᠠ ᠬᠡᠮᠵᠢᠶ᠎ᠡ ᠮᠥᠨ᠂ ᠨᠠᠷᠠᠰᠢᠭᠰᠠᠨ ᠤ ᠳᠠᠷᠠᠭ᠎ᠠ 30 ᠮᠢᠨᠦ᠋ᠲ ᠤᠨ ᠳᠣᠲᠣᠷ᠎ᠠ ᠡᠷᠬᠡᠪᠰᠢ ᠠᠯᠢ ᠲᠦᠷᠭᠡᠨ ᠢᠶᠠᠷ 40 ᠭᠷᠡᠳᠦ᠋ᠰ ᠠᠴᠠ ᠳᠣᠷᠣᠭᠰᠢ | ᠪᠤᠯᠲᠠᠯ᠎ᠠ ᠪᠠᠭᠤᠷᠠᠭᠤᠯᠵᠤ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠳᠤ ᠬᠤᠪᠴᠠᠰᠤ ᠬᠤᠨᠠᠷ ᠢ ᠨᠢ ᠲᠠᠶᠢᠯᠬᠤ᠂ ᠪᠦᠯᠢᠶᠡᠨ ᠤᠰᠤ ᠪᠠᠷ ᠪᠦᠭᠦ ᠪᠡᠶ᠎ᠡ ᠶᠢ ᠨᠢ ᠵᠦᠯᠭᠦᠬᠦ᠂ | ᠰᠠᠯᠬᠢᠨ ᠰᠡᠩᠰᠡ ᠪᠤᠶᠤ ᠠᠭᠠᠷ ᠲᠣᠬᠢᠷᠠᠭᠤᠯᠤᠭᠴᠢ ᠪᠠᠷ ᠢᠯᠴᠢ ᠰᠠᠷᠨᠢᠭᠤᠯᠬᠤ ᠵᠡᠷᠭᠡ ᠪᠠᠭᠲᠠᠨ᠎ᠠ; ᠬᠡᠦᠬᠡᠳ ᠨᠠᠷᠠᠰᠢᠪᠠᠯ ᠦᠷᠭᠦᠯᠵᠢ ᠤᠰᠤ ᠠᠯᠳᠠᠬᠤ ᠪᠠ | ᠴᠠᠭᠢᠯᠭᠠᠨ ᠵᠠᠳᠠᠯᠤᠬᠳᠠᠬᠤᠨ ᠰᠠᠮᠠᠭᠤᠷᠠᠬᠤ ᠪᠠᠶᠢᠳᠠᠯ ᠭᠠᠷᠳᠠᠭ᠂ ᠡᠶᠢᠮᠦ ᠠᠴᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠡᠦᠬᠡᠳ ᠲᠤ ᠬᠡᠪ ᠤᠨ ᠳᠤᠯᠠᠭᠠᠨ ᠲᠠᠢ ᠤᠰᠤ | ᠪᠤᠶᠤ ᠴᠠᠭᠢᠯᠭᠠᠨ ᠵᠠᠳᠠᠯᠤᠬᠳᠠᠬᠤᠨ ᠤ ᠤᠮᠳᠠᠭᠠᠨ ᠤᠤᠭᠤᠯᠭᠠᠪᠠᠯ ᠵᠣᠭᠢᠨᠠ; ᠬᠦᠨᠳᠦ ᠭᠡᠯᠪᠡᠷᠢ ᠶᠢᠨ ᠨᠠᠷᠠᠰᠢᠭᠰᠠᠨ᠂ ᠢᠯᠠᠩᠭᠤᠶ᠎ᠠ ᠶᠡᠭᠡ ᠬᠠᠯᠠᠭᠤᠷᠠᠬᠤ᠂ ᠤᠬᠠᠭᠠᠨ | ᠰᠠᠨᠠᠭ᠎ᠠ ᠪᠠᠯᠠᠷᠠᠬᠤ᠂ ᠲᠠᠲᠠᠪᠠᠯᠵᠠᠬᠤ ᠵᠡᠷᠭᠡ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠢᠯᠡᠷᠡᠯ ᠲᠠᠢ ᠬᠡᠦᠬᠡᠳ ᠢ ᠳᠠᠷᠤᠶᠢᠬᠠᠨ ᠣᠶᠢᠷ᠎ᠠ ᠬᠠᠪᠢ ᠶᠢᠨ ᠡᠮᠨᠡᠯᠭᠡ ᠶᠢᠨ | ᠬᠤᠷᠢᠶ᠎ᠠ ᠳᠤ ᠬᠦᠷᠭᠡᠵᠦ ᠡᠮᠨᠡᠭᠦᠯᠭᠦ ᠬᠡᠷᠡᠭᠲᠡᠢ᠃ | | |