ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠣᠷᠣᠨ ᠲᠠᠷᠢᠶᠠᠯᠠᠩ | ᠳᠤ ᠬᠡᠷᠡᠭᠯᠡᠬᠦ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠷ᠎ᠡ ᠪᠦᠲᠦᠮᠵᠢ ᠪᠠ ᠦᠷ᠎ᠡ | ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠪᠠ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ | ᠤᠨᠠᠯᠲᠠ ᠶᠢ ᠨᠡᠮᠡᠭᠳᠡᠭᠦᠯᠬᠦ ᠶᠢ ᠵᠣᠬᠢᠴᠠᠭᠤᠯᠤᠨ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ | ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠣᠷᠣᠨ 75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 31 ᠰᠠᠭᠤᠷᠢ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠳᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠬᠢᠵᠦ᠂ 3783 | ᠺᠢᠯᠣᠮᠧᠲᠷ ᠤᠰᠤᠨ ᠰᠤᠪᠠᠭ ᠵᠠᠰᠠᠨ᠂ 1697 ᠲᠦᠮᠡᠨ ᠮᠦ ᠤᠰᠤᠯᠠᠯᠲᠠ ᠶᠢᠨ ᠲᠠᠷᠢᠶ᠎ᠠ ᠶᠢ ᠰᠠᠶᠢᠵᠢᠷᠠᠭᠤᠯᠵᠤ᠂ ᠠᠮᠤ ᠪᠤᠳᠠᠭᠠᠨ ᠤ ᠤᠨᠠᠯᠲᠠ ᠶᠢ 8 ᠳ᠋ᠦᠩᠰᠢᠭᠤᠷ | ᠵᠢᠩ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ | ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠢᠨᠵᠧᠨᠧᠷᠢᠩ ᠢ ᠬᠡᠷᠡᠭᠵᠢᠭᠦᠯᠦᠨ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠪᠠᠷᠢᠯᠭ᠎ᠠ ᠶᠢᠨ ᠪᠦᠷᠢᠨ | ᠪᠦᠲᠦᠨ ᠪᠠᠶᠢᠬᠤ ᠨᠣᠷᠮ᠎ᠠ ᠶᠢ 60% ᠳᠤ ᠭᠦᠷᠲᠡᠯ᠎ᠡ ᠳᠡᠭᠡᠭᠰᠢᠯᠡᠭᠦᠯᠵᠦ᠂ ᠭᠤᠣᠯᠯᠠᠬᠤ ᠤᠰᠤᠨ ᠰᠤᠪᠠᠭ ᠤᠨ ᠤᠰᠤ ᠳᠠᠮᠵᠢᠭᠤᠯᠬᠤ ᠴᠢᠳᠠᠪᠤᠷᠢ ᠶᠢ 15% | ᠪᠠᠶᠢᠭᠰᠠᠨ ᠠᠴᠠ 20% ᠭᠦᠷᠲᠡᠯ᠎ᠡ ᠳᠡᠭᠡᠭᠰᠢᠯᠡᠭᠦᠯᠪᠡ᠃ 17.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠴᠤᠤᠯ ᠪᠠ ᠨᠢᠷᠵᠢ ᠬᠤᠶᠠᠷ ᠲᠣᠮᠣ ᠭᠡᠯᠪᠡᠷᠢ | ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠵᠤ᠂ ᠤᠰᠤᠯᠠᠯᠲᠠ ᠶᠢᠨ ᠲᠠᠷᠢᠶᠠᠨ ᠭᠠᠵᠠᠷ ᠤᠨ ᠲᠠᠯᠠᠪᠠᠢ ᠶᠢ 71.29 ᠲᠦᠮᠡᠨ ᠮᠦ ᠰᠢᠨ᠎ᠡ ᠪᠠᠷ | ᠨᠡᠮᠡᠭᠳᠡᠭᠦᠯᠪᠡ᠃ ᠪᠠᠰᠠ ᠤᠰᠤᠯᠠᠯᠲᠠ ᠶᠢᠨ ᠣᠷᠣᠨ ᠤ ᠭᠤᠣᠯᠯᠠᠭᠴᠢ ᠬᠦᠴᠦᠨ ᠪᠠ ᠲᠠᠷᠢᠶᠠᠨ ᠭᠠᠵᠠᠷ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠰᠤᠨ ᠰᠤᠷᠪᠤᠯᠵᠢ ᠠᠴᠠ ᠲᠠᠷᠢᠶᠠᠨ ᠭᠠᠵᠠᠷ ᠬᠦᠷᠲᠡᠯᠡᠬᠢ ᠪᠦᠭᠦ ᠬᠡᠯᠬᠢᠶ᠎ᠡ ᠶᠢᠨ ᠶᠡᠷᠦᠩᠬᠡᠶᠢᠯᠡᠭᠰᠡᠨ ᠤᠰᠤ ᠠᠷᠪᠢᠯᠠᠬᠤ ᠰᠢᠰᠲ᠋ᠧᠮ ᠢ | ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ ᠪᠠᠶᠢᠭᠤᠯᠵᠤ᠂ ᠥᠨᠳᠥᠷ ᠪᠦᠲᠦᠮᠵᠢᠲᠡᠢ ᠠᠷᠪᠢᠲᠠᠢ ᠤᠰᠤᠯᠠᠯᠲᠠ ᠶᠢᠨ | ᠲᠠᠷᠢᠶᠠᠨ ᠭᠠᠵᠠᠷ ᠢ 3403 ᠲᠦᠮᠡᠨ ᠮᠦ ᠪᠠᠶᠢᠭᠤᠯᠵᠠᠢ᠃ | ᠣᠶᠢᠷ᠎ᠠ ᠶᠢᠨ ᠵᠢᠯ ᠳᠤ ᠮᠠᠨ ᠤ ᠣᠷᠣᠨ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ᠂ | ᠳᠥᠷᠥᠭᠡᠨ ᠠᠮᠠᠰᠠᠷ ᠤᠰᠤ ᠲᠠᠲᠠᠬᠤ ᠤᠰᠤᠯᠠᠯᠲᠠ ᠶᠢᠨ ᠣᠷᠣᠨ ᠵᠡᠷᠭᠡ 9 ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠳᠤ ᠨᠡᠶᠢᠲᠡ 66 | ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠣᠷᠣᠭᠤᠯᠤᠨ᠂ ᠦᠷᠭᠦᠯᠵᠢᠯᠡᠨ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠬᠢᠵᠦ᠂ 4. | 43 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠡᠷᠬᠡ ᠶᠢ ᠰᠢᠯᠵᠢᠭᠦᠯᠦᠨ᠂ 260 ᠭᠠᠷᠤᠢ ᠠᠵᠤ ᠦᠢᠯᠡᠳᠪᠦᠷᠢ ᠶᠢᠨ | ᠲᠥᠷᠥᠯ ᠵᠦᠢᠯ ᠳᠤ ᠤᠰᠤᠨ ᠰᠤᠷᠪᠤᠯᠵᠢ ᠶᠢᠨ ᠪᠠᠲᠤᠯᠠᠭ᠎ᠠ ᠬᠠᠩᠭᠠᠵᠤ᠂ 3000 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ | ᠪᠡᠶᠡᠯᠡᠭᠦᠯᠪᠡ᠃ ᠡᠭᠦᠨ ᠤ ᠬᠠᠮᠲᠤ ᠡᠯ᠎ᠡ ᠲᠥᠷᠥᠯ ᠤᠨ ᠪᠡᠯᠡ ᠮᠥᠩᠭᠦ ᠶᠢ 12 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠠᠰᠢᠭᠯᠠᠵᠤ᠂ 18 ᠲᠣᠮᠣ | ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠳᠤ ᠮᠡᠳᠡᠭᠡ ᠵᠠᠩᠭᠢᠵᠢᠯᠲᠠ ᠶᠢᠨ ᠲᠣᠭᠠᠴᠢᠯᠠᠭᠰᠠᠨ ᠪᠠᠶᠢᠭᠤᠯᠤᠯᠲᠠ᠂ ᠠᠦ᠋ᠲ᠋ᠣᠴᠢᠯᠠᠭᠰᠠᠨ ᠤᠰᠤᠯᠠᠯᠲᠠ ᠥᠷᠨᠢᠭᠦᠯᠵᠦ᠂ | ᠤᠰᠤᠯᠠᠯᠲᠠ ᠶᠢᠨ ᠣᠷᠣᠨ ᠤ ᠭᠤᠣᠯᠳᠠᠯᠭ᠎ᠠ ᠲᠠᠢ ᠵᠠᠮ ᠰᠤᠪᠠᠭ ᠤᠨ ᠣᠭᠲᠣᠯᠣᠭᠠᠰᠤ ᠶᠢ ᠬᠡᠮᠵᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠵᠡᠷᠭᠡ 14 ᠵᠦᠢᠯ ᠤᠨ | ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠪᠠ᠃ | | |