ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ ᠰᠢᠨ᠎ᠡ ᠠᠶᠠᠨ ᠳᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠤᠨ᠎ᠠ
ᠨᠡᠶᠢᠲᠡᠯᠡᠭᠰᠡᠨ ᠴᠠᠭ᠄
2024/7/22
      - ᠬᠤᠷᠠᠯ ᠳᠤ ᠣᠷᠣᠯᠴᠠᠬᠰᠠᠨ ᠨᠥᠬᠦᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠶᠠᠷᠢᠭᠰᠠᠨ ᠨᠢ      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ 7 ᠰᠠᠷ᠎ᠠ ᠶᠢᠨ 15 ᠤ ᠡᠳᠦᠷ ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾  ᠢ ᠬᠢᠨᠠᠨ ᠶᠠᠷᠢᠯᠴᠠᠵᠤ ᠪᠠᠲᠤᠯᠠᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠬᠰᠠᠨ ᠬᠡᠰᠡᠭ ᠨᠥᠬᠦᠳ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠢᠨ ᠰᠣᠷᠪᠤᠯᠵᠢᠯᠠᠭ᠎ᠠ ᠶᠢ ᠬᠦᠯᠢᠶᠡᠵᠦ᠂ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠣᠶᠢᠯᠠᠭᠠᠯᠲᠠ ᠲᠥᠷᠥᠭᠳᠡᠯ ᠢᠶᠠᠨ ᠶᠠᠷᠢᠪᠠ᠃      ᠤᠯᠠᠨ ᠢᠶᠠᠷ ᠢᠶᠠᠨ᠂ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠥᠭᠡᠷᠡᠴᠢᠯᠡᠯᠲᠡ ᠶᠢ ᠲᠥᠯᠥᠪᠵᠢᠭᠦᠯᠦᠨ ᠪᠠᠶᠢᠷᠢᠯᠠᠭᠤᠯᠵᠤ᠂ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠂ ᠡᠨᠡ ᠪᠣᠯ  ︽ᠬᠤᠶᠠᠷ ᠶᠡᠭᠡ ᠭᠠᠶᠢᠬᠠᠮᠰᠢᠭ︾ ᠢ ᠪᠠᠬᠢᠵᠢᠭᠦᠯᠦᠨ ᠬᠥᠭᠵᠢᠭᠦᠯᠬᠦ ᠰᠠᠨᠠᠭᠠᠴᠢᠯᠠᠭᠠᠲᠤ ᠰᠣᠩᠭᠤᠯᠲᠠ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠨ᠎ᠡ ᠭᠡᠵᠦ ᠢᠯᠡᠳᠬᠡᠵᠡᠭᠡᠵᠡᠢ᠃      ᠥᠭᠡᠷᠡᠴᠢᠯᠡᠯᠲᠡ ᠨᠡᠭᠡᠭᠡᠯᠲᠡ ᠪᠣᠯ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠣᠮᠣ ᠠᠯᠬᠤᠭ᠎ᠠ ᠪᠠᠷ ᠴᠠᠭ ᠦᠶ᠎ᠡ ᠶᠢ ᠬᠥᠭᠡᠭᠡᠵᠦ ᠭᠦᠢᠴᠡᠬᠦ ᠶᠢᠨ ᠴᠢᠬᠤᠯᠠ ᠡᠷᠳᠡᠨᠢ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠬᠠᠮᠤᠭ ᠤᠨ ᠢᠯᠡᠷᠬᠡᠢ ᠣᠨᠴᠠᠯᠢᠭ ᠰᠢᠨᠵᠢ᠂ ᠬᠠᠮᠤᠭ ᠤᠨ ᠰᠦᠷᠯᠢᠭ ᠰᠠᠶᠢᠬᠠᠨ ᠳᠦᠷᠰᠦ ᠪᠠᠶᠢᠳᠠᠯ ᠮᠥᠨ᠃      ᠨᠠᠮ ᠤᠨ ᠲᠥᠪ ᠬᠤᠷᠢᠶᠠᠨ ᠤ ᠭᠡᠰᠢᠭᠦᠨ᠂ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠢ ᠯᠢᠶᠠᠨ ᠬᠤᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠪᠣᠯᠣᠨ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠴᠢᠨᠠᠷᠲᠠᠢ ᠲᠠᠭᠢᠨ ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠬᠢᠪᠡ᠃ ᠠᠯᠢ ᠤᠯᠠᠨ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠪᠦᠲᠦᠮᠵᠢ ᠶᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠪᠣᠯᠵᠤ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠭᠰᠡᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠃ ᠰᠢᠨ᠎ᠡ ᠠᠶᠠᠨ ᠳᠤ ᠮᠣᠷᠳᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ︽ᠨᠢᠷᠤᠭᠤ ᠲᠤᠯᠭᠠᠭᠤᠷᠢ︾ ᠶᠢ ᠪᠠᠶᠢᠭᠤᠯᠵᠤ᠂ ᠰᠦᠷ ᠳᠠᠯᠠᠶᠢᠴᠠᠲᠠᠢ ᠪᠥᠭᠡᠳ ᠲᠣᠳᠣᠷᠬᠠᠢ ᠥᠭᠡᠷᠡᠴᠢᠯᠡᠯᠲᠡ ᠶᠢᠨ ᠵᠢᠷᠤᠭ ᠢ ᠵᠢᠷᠤᠭᠯᠠᠪᠠ ᠭᠡᠵᠦ ᠢᠯᠡᠳᠬᠡᠵᠡᠢ᠃      ᠢ ᠯᠢᠶᠠᠨ ᠬᠤᠩ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠠᠴᠠ ᠮᠠᠨ ᠤ ᠤᠯᠤᠰ ᠤᠨ ᠰᠦᠷ ᠳᠠᠯᠠᠶᠢᠴᠠᠲᠠᠢ ᠥᠭᠡᠷᠡᠴᠢᠯᠡᠯᠲᠡ ᠨᠡᠭᠡᠭᠡᠯᠲᠡ ᠶᠢᠨ ᠬᠥᠰᠢᠭᠡ ᠶᠢ ᠰᠡᠭᠦᠪᠡ; ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠢᠳᠡᠨ ᠢ ᠳᠠᠭᠠᠭᠤᠯᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠴᠠᠭ ᠦᠶ᠎ᠡ ᠳᠤ ᠣᠷᠣᠪᠠ; ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠴᠢᠬᠤᠯᠠ ᠶᠡᠭᠡ ᠪᠥᠭᠡᠳ ᠠᠯᠤᠰ ᠭᠡᠳᠤ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ᠂ ᠳᠡᠯᠡᠬᠡᠢ ᠶᠢᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠂ ᠮᠠᠨ ᠤ ᠨᠠᠮ ᠤᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠳᠤᠷᠠᠰᠬᠠᠯ ᠮᠥᠨ ᠭᠡᠵᠡᠢ᠃      ᠲᠡᠦᠬᠡ ᠶᠢᠨ ᠶᠡᠭᠡ ᠬᠠᠨᠳᠤᠰᠢ ᠶᠢ ᠲᠠᠭᠠᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠬᠤᠯᠠ ᠠᠶᠠᠯᠠᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠲᠠ ᠦᠭᠡᠢ ᠠᠬᠢᠵᠤ᠂ ᠯᠠᠪᠲᠠᠢ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠬᠦ ᠶᠤᠮ᠃      ᠨᠠᠮ ᠤᠨ ᠲᠥᠪ ᠬᠤᠷᠢᠶᠠᠨ ᠤ ᠭᠡᠰᠢᠭᠦᠨ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠭᠢᠯᠡᠭᠴᠢ ᠬᠠᠨ ᠸᠧᠨ ᠰᠢᠤ᠂ ᠪᠢᠳᠡ ᠥᠭᠡᠷᠡᠴᠢᠯᠡᠯᠲᠡ ᠶᠢ ᠠᠬᠢᠭᠤᠯᠬᠤ ᠳᠠᠭᠠᠨ ᠴᠥᠮ ᠨᠠᠮ ᠪᠠ ᠤᠯᠤᠰ ᠤᠨ ᠭᠤᠣᠯ ᠠᠵᠢᠯ ᠤᠨ ᠲᠣᠭᠤᠷᠢᠨ ᠳᠤ ᠬᠢᠭᠰᠡᠨ ᠶᠤᠮ᠃ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠥᠭᠡᠷᠡᠴᠢᠯᠡᠯᠲᠡ ᠶᠢᠨ ᠠᠷᠭ᠎ᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠢᠯᠠᠩᠭᠤᠶ᠎ᠠ ᠪᠠᠶᠢᠭᠤᠯᠤᠯ ᠲᠣᠭᠲᠠᠴᠠ ᠶᠢᠨ ᠲᠠᠯ᠎ᠠ ᠶᠢᠨ ᠬᠠᠷᠰᠢ ᠰᠠᠭᠠᠳ ᠢ ᠡᠷᠡᠰ ᠲᠡᠪᠴᠢᠬᠦ ᠬᠡᠷᠡᠭᠲᠡᠢ ᠭᠡᠵᠦ ᠢᠯᠡᠳᠬᠡᠪᠡ᠃      ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠡᠯ᠎ᠡ ᠲᠠᠯ᠎ᠠ ᠳᠤ ᠬᠤᠯᠪᠣᠭᠳᠠᠵᠤ᠂ ᠥᠭᠡᠷᠡᠴᠢᠯᠡᠯᠲᠡ ᠬᠡᠳᠦᠢ ᠡᠭᠡᠳᠡᠷᠡᠭᠡᠨ ᠲᠦᠪᠡᠭ ᠲᠠᠢ ᠪᠤᠯᠬᠤ ᠲᠤᠲᠤᠮ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠡᠳᠦᠢ ᠰᠠᠶᠢᠨ ᠪᠠᠳᠠᠷᠠᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠭᠡᠬᠦ ᠡᠨᠡᠬᠦ ᠵᠠᠩᠭᠢᠯᠠᠭ᠎ᠠ ᠶᠢ ᠠᠳᠬᠤᠨ ᠪᠤᠰᠤᠳ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ︾᠂ ᠬᠠᠨ ᠸᠧᠨ ᠰᠢᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠦᠷᠭᠡᠪᠴᠢᠯᠡᠨ ᠪᠠᠶᠢᠭᠤᠯᠵᠤ᠂ ᠬᠤᠮᠠᠬᠢ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂︽ᠬᠤᠶᠠᠷ ᠣᠬᠲᠣ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠤᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠨᠠᠩ ᠣᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠦᠷᠢᠮ ᠢ ᠨᠢᠭᠡᠳᠦᠯᠲᠡᠢ ᠵᠢᠷᠤᠮᠵᠢᠭᠤᠯᠵᠤ᠂ ᠲᠥᠪ ᠭᠤᠣᠯᠴᠢ ᠥᠷᠢᠰᠦᠯᠳᠦᠭᠡᠨ ᠢ ᠠᠬᠢᠭᠤᠯᠤᠨ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠦᠨ᠂ ︽ᠠᠮᠢᠳᠤᠯᠢᠭ ᠪᠤᠯᠭᠠᠵᠤ ᠴᠢᠳᠠᠬᠤ︾  ᠮᠥᠷᠲᠡᠭᠡᠨ ᠪᠠᠰᠠ  ︽ᠬᠠᠮᠢᠶᠠᠷᠴᠤ ᠳᠡᠶᠢᠯᠭᠦ︾  ᠬᠡᠷᠡᠭᠲᠡᠢ ᠭᠡᠵᠡᠢ᠃      ᠥᠭᠡᠷᠡᠴᠢᠯᠡᠯᠲᠡ ᠪᠣᠯ ᠬᠥᠭᠵᠢᠯᠲᠡ ᠶᠢᠨ ᠬᠥᠳᠡᠯᠭᠡᠭᠴᠢ ᠬᠦᠴᠦᠨ ᠮᠥᠨ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃      ᠨᠠᠮ ᠤᠨ ᠲᠥᠪ ᠬᠤᠷᠢᠶᠠᠨ ᠤ ᠭᠡᠰᠢᠭᠦᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠄︽ᠪᠦᠭᠦᠳᠡ ᠬᠤᠷᠠᠯ ᠠᠴᠠ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠪᠢᠳᠡ ᠪᠣᠳᠠᠲᠠᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠬᠤᠷᠸ᠎ᠠ ᠲᠠᠯ᠎ᠠ ᠠᠴᠠ ᠪᠣᠳᠣᠯᠬᠢᠯᠠᠨ ᠬᠤᠮᠠᠬᠢ ᠲᠠᠯ᠎ᠠ ᠠᠴᠠ ᠭᠠᠷᠳᠠᠵᠤ᠂ ᠪᠦᠭᠦᠳᠡ ᠬᠤᠷᠠᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ︾ ᠭᠡᠪᠡ᠃      ᠵᠧᠩ ᠱᠠᠨ ᠵᠢᠶᠧ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ᠂ ᠡᠬᠢ ᠪᠠᠶᠠᠯᠢᠭ ᠢ ᠲᠣᠬᠢᠷᠠᠭᠤᠯᠬᠤ ᠳᠤᠮᠳᠠ ᠵᠠᠬ᠎ᠠ ᠳᠡᠯᠭᠡᠭᠦᠷ ᠢ ᠭᠦᠢᠴᠡᠳ ᠬᠦᠴᠦᠯᠡᠬᠦ ᠪᠤᠯᠭᠠᠵᠤ᠂  ᠵᠠᠬ᠎ᠠ ᠳᠡᠯᠭᠡᠭᠦᠷ ᠤᠨ ᠦᠢᠯᠡᠳᠦᠯ ᠢᠶᠠᠨ ᠠᠯᠳᠠᠬᠤ ᠶᠢ ᠨᠥᠬᠦᠪᠦᠷᠢᠯᠡᠬᠦ ᠳᠤᠮᠳᠠ ᠵᠠᠰᠠᠭ ᠤᠨ ᠣᠷᠳᠣᠨ ᠤᠨᠢᠨ ᠳᠡᠭᠡᠷ᠎ᠡ ᠨᠢ ᠬᠦᠴᠦᠯᠡᠬᠦ ᠭᠡᠷᠡᠭᠲᠡᠢ; ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠳᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠬᠦ ᠪᠠᠷ ᠪᠠᠷᠠᠬᠤ ᠦᠭᠡᠢ᠂ ᠥᠭᠡᠷᠡᠴᠢᠯᠡᠯᠲᠡ ᠪᠠᠷ ᠳᠠᠮᠵᠢᠨ ᠲᠡᠭᠦᠨ ᠯᠦᠭᠡ ᠵᠣᠬᠢᠴᠠᠭᠰᠠᠨ ᠦᠢᠯᠡᠳᠪᠦᠷᠢᠯᠡᠯ ᠤᠨ ᠬᠠᠷᠢᠴᠠᠭ᠎ᠠ ᠶᠢ ᠲᠦᠷᠭᠡᠨ ᠪᠦᠷᠢᠯᠳᠦᠭᠦᠯᠬᠦ ᠭᠡᠷᠡᠭᠲᠡᠢ; ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠱᠢᠭᠰᠡᠨ ᠬᠠᠮᠢᠶᠠᠷᠤᠯᠲᠠ ᠶᠢᠨ ᠲᠣᠭᠲᠠᠴᠠ ᠪᠠ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠡᠳ᠋ ᠤᠨ ᠵᠠᠰᠠᠭ᠂ ᠵᠣᠭᠤᠰ᠂ ᠠᠵᠤ ᠦᠢᠯᠡᠰ᠂ ᠦᠨ᠎ᠡ ᠬᠠᠩᠰᠢ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠠᠬᠢᠭᠤᠯᠬᠤ ᠭᠡᠷᠡᠭᠲᠡᠢ; ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠤ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ ᠭᠡᠵᠦ ᠢᠯᠡᠳᠬᠡᠪᠡ᠃      ᠥᠭᠡᠷᠡᠴᠢᠯᠡᠯᠲᠡ ᠬᠢᠭᠰᠡᠳ ᠤᠷᠤᠭᠰᠢᠯᠠᠵᠤ᠂ ᠰᠢᠨ᠎ᠡ ᠶᠢ ᠡᠭᠦᠳᠦᠭᠴᠢ ᠬᠦᠴᠦᠷᠬᠡᠭᠵᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢ ᠢᠯᠠᠮᠤᠢ᠃      ᠨᠠᠮ ᠤᠨ ᠲᠥᠪ ᠬᠤᠷᠢᠶ᠎ᠠ ᠶᠢᠨ ᠭᠡᠰᠢᠭᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠤ ᠰᠠᠶᠢᠳ ᠶᠢᠨ ᠾᠧ ᠵᠢᠶᠦ᠋ᠨ᠂ ᠡᠨᠡ ᠤᠳᠠᠭ᠎ᠠ ᠶᠢᠨ ᠪᠦᠭᠦᠳᠡ ᠬᠤᠷᠠᠯ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢ ᠭᠦᠨᠵᠡᠭᠡᠢ ᠨᠡᠪᠲᠡ ᠠᠵᠢᠭᠯᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ ᠭᠡᠳᠡᠭ ᠢ ᠲᠣᠳᠣᠷᠬᠠᠶᠢᠯᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ ᠭᠡᠵᠦ ᠳᠤᠷᠠᠳᠪᠠ᠂ ᠡᠨᠡ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠤᠭᠲᠤᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠮᠥᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠂ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ᠂ ᠭᠠᠳᠠᠭᠠᠳᠤ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠶᠢᠨ ᠵᠠᠶᠢᠯᠠᠰᠢ ᠦᠭᠡᠢ ᠰᠣᠩᠭᠤᠯᠲᠠ ᠮᠥᠨ ᠭᠡᠵᠦ ᠦᠵᠡᠪᠡ᠃      ︽ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ  ᠵᠣᠬᠢᠶᠠᠨ ᠪᠠᠶᠢᠭᠤᠯᠤᠯᠲᠠ ᠶᠢᠨ ᠠᠷᠭ᠎ᠠ ᠭᠡᠯᠪᠡᠷᠢ ᠪᠣᠯᠣᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠲᠦᠷᠭᠡᠳᠬᠡᠨ ᠪᠦᠷᠢᠨᠰᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠭᠦ ᠬᠡᠯᠬᠢᠶ᠎ᠡ ᠶᠢᠨ ᠪᠠᠶᠢᠷᠢᠯᠠᠭᠤᠯᠤᠯᠲᠠ᠂ ᠪᠦᠭᠦ ᠬᠦᠷᠢᠶᠡᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠤᠭᠠᠯ ᠰᠢᠨ᠎ᠡ ᠶᠢ ᠡᠭᠦᠳᠬᠦ ᠴᠢᠳᠠᠪᠤᠷᠢ ᠬᠠᠷᠢᠴᠠᠩᠭᠤᠢ ᠪᠠᠭᠤᠷᠠᠢ ᠪᠠᠶᠢᠬᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠤᠰᠤᠳ ᠲᠤ ᠬᠢᠵᠠᠭᠠᠷᠯᠠᠭᠳᠠᠬᠤ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ︾ ᠭᠡᠵᠦ ᠶᠢᠨ ᠾᠧ ᠵᠢᠶᠦ᠋ᠨ ᠬᠡᠯᠡᠪᠡ᠃      ᠨᠠᠮ ᠤᠨ ᠲᠥᠪ ᠬᠤᠷᠢᠶ᠎ᠠ ᠶᠢᠨ ᠭᠡᠰᠢᠭᠦᠨ᠂ ᠭᠤᠸᠠᠩᠳᠦ᠋ᠩ ᠮᠤᠵᠢ ᠶᠢᠨ ᠳᠠᠷᠤᠭ᠎ᠠ ᠸᠠᠩ ᠸᠧᠢ ᠵᠦᠩ᠄ ︽ᠨᠢᠳᠤᠨᠤᠨ ᠤ 4 ᠰᠠᠷ᠎ᠠ ᠳᠤ᠂ ᠶᠡᠷᠦᠩᠬᠡᠢ ᠱᠦᠵᠢ ᠰᠢ  ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠲᠣᠰ ᠤᠳᠠᠭᠠᠨ ᠤ ᠪᠦᠭᠦᠳᠡ ᠬᠤᠷᠠᠯ ᠨᠢ ᠪᠠᠰᠠ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠭᠤᠸᠠᠩᠳᠦ᠋ᠩ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ︾  ᠭᠡᠪᠡ᠃      ᠸᠠᠩ ᠸᠧᠢ ᠵᠦᠩ᠂ ᠭᠤᠸᠠᠩᠳᠦ᠋ᠩ ᠪᠦᠭᠦ ᠶᠠᠪᠤᠴᠠ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠭᠤᠯᠬᠤ ᠶᠢ ᠪᠦᠭᠦ ᠲᠠᠯ᠎ᠠ ᠪᠠᠷ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠳᠡᠮᠵᠢᠬᠦ ᠴᠢᠬᠤᠯᠠ ᠭᠠᠷᠳᠠᠴᠠ ᠪᠤᠯᠭᠠᠵᠤ᠂ ︽0 ᠠᠴᠠ 1 ᠬᠦᠷᠬᠦ︾ ᠤᠤᠭᠠᠯ ᠰᠢᠨ᠎ᠡ ᠶᠢ ᠡᠭᠦᠳᠬᠦ ᠶᠢᠨ ᠲᠣᠭᠤᠷᠢᠨ ᠳᠤ ᠰᠠᠭᠤᠷᠢ ᠰᠤᠳᠤᠯᠭᠠᠨ ᠤ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ︽1 ᠠᠴᠠ 10 ᠬᠦᠷᠬᠦ︾ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠬᠤ ᠪᠠ ︽10 ᠠᠴᠠ 100 ᠬᠦᠷᠬᠦ︾ᠠᠵᠤ ᠦᠢᠯᠡᠰᠵᠢᠯᠲᠡ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠤᠬᠠᠭᠳᠠᠬᠤᠨ ᠢ ᠰᠢᠯᠭᠠᠨ ᠪᠠᠲᠤᠯᠠᠬᠤ ᠲᠥᠪ ᠪᠣᠯᠣᠨ ᠲᠤᠷᠰᠢᠵᠤ ᠰᠢᠯᠭᠠᠬᠤ ᠲᠠᠪᠴᠠᠩ ᠢ ᠪᠠᠶᠢᠷᠢᠰᠢᠭᠤᠯᠵᠤ᠂ ᠰᠢᠨ᠎ᠡ ᠶᠢ ᠡᠭᠦᠳᠬᠦ ᠦᠢᠯᠡᠳᠦᠯ ᠴᠢᠳᠠᠪᠬᠢ ᠶᠢ ᠨᠡᠩ ᠶᠡᠭᠡ ᠡᠷᠴᠢᠮ ᠢᠶᠠᠷ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠤᠸᠠᠩᠳᠦ᠋ᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠳᠠᠪᠠᠭᠤᠯᠢᠭ ᠤᠨ ᠰᠢᠨ᠎ᠡ ᠥᠨᠳᠥᠷᠴᠡ ᠳᠤ ᠪᠤᠢ ᠪᠣᠯᠵᠤ ᠬᠦᠴᠦᠷᠬᠡᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃      ᠨᠡᠭᠡᠭᠡᠯᠲᠡ ᠬᠢᠬᠦ ᠪᠠ ᠥᠭᠡᠷᠡᠴᠢᠯᠡᠯᠲᠡ ᠬᠢᠬᠦ ᠨᠢ ᠶᠡᠷᠦ ᠠᠴᠠ ᠴᠥᠮ ᠳᠠᠭᠠᠯᠳᠤᠨ ᠡᠭᠦᠰᠴᠦ᠂ ᠬᠠᠷᠢᠯᠴᠠᠨ ᠠᠬᠢᠭᠤᠯᠳᠠᠭ᠃ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ ᠮᠥᠨ᠃      ᠨᠠᠮ ᠤᠨ ᠲᠥᠪ ᠬᠤᠷᠢᠶ᠎ᠠ ᠶᠢᠨ ᠭᠡᠰᠢᠭᠦᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠠᠶᠢᠳ ᠸᠠᠩ ᠸᠧᠨ ᠲᠤᠤ᠂ ᠲᠣᠰ ᠤᠳᠠᠭᠠᠨ ᠤ ᠪᠦᠭᠦᠳᠡ ᠬᠤᠷᠠᠯ  ᠠᠴᠠ ᠡᠷᠬᠡᠪᠰᠢ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠤᠯᠠᠮ ᠨᠢᠭᠡ ᠠᠯᠬᠤᠮ ᠴᠢᠬᠤᠯᠠᠴᠢᠯᠠᠭᠰᠠᠨ ᠨᠢ ᠨᠠᠮ ᠤᠨ ᠲᠥᠪ ᠬᠤᠷᠢᠶ᠎ᠠ ᠠᠴᠠ ᠨᠡᠭᠡᠭᠡᠯᠲᠡ ᠬᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ᠂ ᠮᠠᠨ ᠤ ᠤᠯᠤᠰ ᠤᠨ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠥᠷᠭᠡᠳᠬᠡᠬᠦ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ ᠭᠡᠵᠦ ᠬᠡᠯᠡᠪᠡ᠃ ᠸᠠᠩ ᠸᠧᠨ ᠲᠤᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠶᠢᠭᠤᠯᠤᠯ ᠤᠨ ᠭᠡᠯᠪᠡᠷᠢ ᠶᠢᠨ ᠨᠡᠭᠡᠭᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠢ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠳᠤ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠵᠦ᠂ ᠰᠢᠨ᠎ᠡ ᠨᠡᠭᠡᠭᠡᠯᠲᠡ ᠶᠢᠨ ᠠᠰᠢᠭ ᠢ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃      ︽ᠪᠢᠳᠡ︿ᠳᠤᠮᠳᠠᠳᠤ ᠤᠯᠤᠰ ᠲᠤ ᠪᠡᠯᠡ ᠣᠷᠣᠭᠤᠯᠬᠤ﹀ ᠨᠠᠷᠠᠲᠤ ᠲᠡᠮᠳᠡᠭ ᠢᠶᠠᠨ ᠴᠢᠨᠠᠭᠰᠢᠳᠠ ᠰᠢᠨᠡᠳᠬᠡᠵᠦ᠂ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ︿ᠬᠠᠰᠤᠬᠤ ᠦᠢᠯᠡᠳᠦᠯ﹀ ᠢ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ︿ᠨᠡᠮᠡᠬᠦ ᠦᠢᠯᠡᠳᠦᠯ﹀ ᠢ ᠰᠠᠶᠢᠲᠤᠷ ᠬᠢᠵᠦ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ︿ᠬᠦᠴᠦᠲᠡᠢ ᠰᠣᠷᠢᠨᠵᠢᠨ ᠣᠷᠣᠨ﹀  ᠪᠣᠯᠭᠠᠨ᠎ᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠤᠨ᠎ᠠ︾ ᠭᠡᠵᠦ ᠸᠠᠩ ᠸᠧᠨ ᠲᠤᠤ ᠬᠡᠯᠡᠪᠡ᠃      ᠠᠮᠤᠷ ᠲᠦᠪᠰᠢᠨ ᠪᠠ ᠬᠥᠭᠵᠢᠯᠲᠡ ᠪᠣᠯ ᠨᠢᠭᠡ ᠴᠣᠭᠴᠠ ᠶᠢᠨ ᠬᠤᠶᠠᠷ ᠵᠢᠭᠦᠷ᠂ ᠬᠥᠳᠡᠯᠭᠡᠭᠦᠷ ᠤᠨ ᠬᠤᠶᠠᠷ ᠬᠦᠷᠳᠦ ᠮᠥᠨ᠃ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠣᠷᠢᠬᠤ ᠴᠢᠬᠤᠯᠠ ᠰᠠᠭᠤᠷᠢ ᠮᠥᠨ᠃      ᠨᠠᠮ ᠤᠨ ᠲᠥᠪ ᠬᠤᠷᠢᠶ᠎ᠠ ᠶᠢᠨ ᠭᠡᠰᠢᠭᠦᠨ᠂ ᠵᠡᠭᠦᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠺᠣᠮᠢᠰᠰᠠᠷ ᠯᠢᠦ ᠴᠢᠩ ᠰᠥᠩ᠂ ᠠᠷᠠᠳ ᠤᠨ ᠴᠡᠷᠢᠭ ᠠᠩᠭᠢ ᠪᠣᠯ ᠤᠯᠤᠰ ᠣᠷᠣᠨ ᠤ ᠠᠮᠤᠷ ᠲᠦᠪᠰᠢᠨ ᠤ ᠪᠠᠲᠤ ᠴᠢᠩᠭ᠎ᠠ ᠲᠦᠰᠢᠭ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠴᠡᠷᠢᠭ ᠤᠨ ᠶᠠᠪᠤᠳᠠᠯ ᠤᠨ ᠬᠦᠴᠦᠨ ᠤ ᠪᠠᠶᠢᠳᠠᠯ ᠢ ᠪᠤᠶ ᠪᠤᠯᠭᠠᠬᠤ᠂ ᠬᠢᠮᠤᠷᠠᠯ ᠢ ᠬᠠᠮᠢᠶᠠᠷᠤᠨ ᠡᠵᠡᠮᠳᠡᠬᠦ᠂ ᠲᠡᠶᠢᠨ ᠢ ᠬᠤᠷᠢᠭᠯᠠᠬᠤ᠂ ᠲᠡᠶᠢᠨ ᠳᠤ ᠢᠯᠠᠯᠲᠠ ᠣᠯᠬᠤ ᠲᠠᠯ᠎ᠠ ᠪᠠᠷ ᠬᠢ ᠪᠠᠶᠢᠯᠳᠤᠬᠤ ᠪᠣᠳᠣᠯᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠨᠠᠩ ᠬᠦᠴᠦᠷᠬᠡᠭ ᠶᠡᠭᠡ ᠴᠢᠳᠠᠪᠤᠷᠢ᠂ ᠨᠠᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠮᠤᠷ ᠲᠦᠪᠰᠢᠨ ᠤ ᠪᠠᠲᠤᠯᠠᠭ᠎ᠠ ᠪᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠢᠯᠡᠳᠬᠡᠪᠡ᠃      ᠲᠤᠰ ᠤᠳᠠᠭ᠎ᠠ ᠶᠢᠨ ᠪᠦᠭᠦᠳᠠ ᠬᠤᠷᠠᠯ ᠠᠴᠠ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠪᠠ᠃      ︽ᠵᠡᠭᠦᠨ ᠬᠡᠰᠡᠭ ᠨᠢ ᠠᠵᠤ ᠠᠬᠤᠢ ᠨᠡᠶᠢᠭᠡᠮ ᠤᠨ ᠥᠭᠡᠷᠡᠴᠢᠯᠡᠯᠲᠡ ᠶᠢᠨ ᠬᠠᠮᠤᠭ ᠤᠨ ᠡᠮᠦᠨ᠎ᠡ ᠡᠩᠨᠡᠭᠡᠨ ᠳᠤ ᠪᠠᠶᠢᠷᠢᠯᠠᠵᠤ᠂ ᠪᠠᠰᠠ ᠴᠤ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠴᠢᠬᠤᠯᠠ ᠲᠤᠷᠰᠢᠯᠲᠠ ᠶᠢᠨ ᠲᠠᠯᠠᠪᠠᠢ ᠪᠣᠯᠣᠨ᠎ᠠ᠂ ᠪᠢᠳᠡ ᠨᠠᠮ ᠪᠣᠯᠣᠨ ᠤᠯᠤᠰ ᠤᠨ ᠥᠭᠡᠷᠡᠴᠢᠯᠡᠯᠲᠡ ᠶᠢᠨ ᠠᠬᠢᠴᠠ ᠳᠤ ᠢᠳᠡᠪᠬᠢᠲᠡᠢ ᠠᠭᠤᠰᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠥᠭᠡᠷᠡᠴᠢᠯᠡᠯᠲᠡ ᠶᠢᠨ ᠲᠥᠯᠦᠪᠵᠢᠭᠦᠯᠭᠡ ᠶᠣᠰᠣᠭᠠᠷ᠂ ᠬᠠᠮᠲᠤᠷᠠᠨ ᠪᠠᠶᠢᠯᠳᠤᠬᠤ ᠰᠢᠰᠲ᠋ᠧᠮ ᠤᠨ ᠥᠭᠡᠷᠡᠴᠢᠯᠡᠯᠲᠡ ᠪᠣᠯᠣᠨ ᠲᠠᠶᠢᠴᠢᠨ ᠬᠦᠴᠦᠨ ᠤ ᠡᠭᠦᠰᠴᠦ ᠪᠦᠷᠢᠯᠳᠦᠬᠦ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠪᠠᠷ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠡᠯᠡᠬᠡᠢ ᠶᠢᠨ ᠲᠡᠷᠢᠭᠦᠨ ᠤ ᠴᠡᠷᠢᠭ ᠠᠩᠭᠢ ᠶᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠵᠦ ᠯᠢᠦ ᠴᠢᠩ ᠰᠦᠩ ᠬᠡᠯᠡᠪᠡ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠠᠷᠠᠳ ᠤᠨ ᠠᠮᠢᠳᠤᠷᠠᠯ ᠢ ᠴᠢᠬᠤᠯᠠᠴᠢᠯᠠᠳᠠᠭ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠷᠠᠳ ᠲᠦᠮᠡᠨ ᠢ ᠳᠡᠭᠡᠳᠦᠯᠡᠬᠦ ᠬᠡᠷᠡᠭᠲᠡᠢ᠃      ᠪᠦᠭᠦᠳᠡ ᠬᠤᠷᠠᠯ ᠤᠨ ᠲᠣᠭᠲᠠᠭᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠤᠯᠠ ᠣᠷᠣᠯᠴᠠᠬᠰᠠᠨ ᠲᠥᠯᠥᠭᠡᠯᠡᠭᠴᠢ᠂ ᠰᠢᠨᠵᠢᠶᠠᠩ ᠤᠨ ᠦᠷᠦᠮᠴᠢ ᠬᠤᠲᠠ ᠶᠢᠨ ᠺᠧ ᠫᠢᠩ ᠵᠠᠮ ᠤᠨ ᠬᠤᠶᠢᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠿᠧᠽᠸᠠᠨᠭᠦᠯᠢ·ᠱᠠᠥ᠋ᠲ᠋ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠠᠷᠠᠳ ᠤᠨ ᠠᠮᠢᠳᠤᠷᠠᠯ ᠢ ᠬᠠᠯᠠᠮᠵᠢᠯᠠᠵᠤ ᠪᠠᠶᠢᠳᠠᠭ ᠢ ᠭᠦᠨᠵᠡᠭᠡᠢ ᠮᠡᠳᠡᠷᠡᠪᠡ᠃      ︽ᠡᠲᠡᠭᠡᠷ ᠵᠢᠯ ᠤᠳ ᠲᠤ᠂ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠪᠢᠳᠡᠨ ᠤ ᠡᠪᠡᠳᠴᠢᠨ ᠦᠵᠡᠭᠦᠯᠭᠦ ᠶᠢ ᠨᠠᠩ ᠲᠥᠭᠦᠮ ᠪᠤᠯᠭᠠᠵᠤ᠂ ᠨᠠᠰᠤᠵᠢᠯ ᠤᠨ ᠠᠰᠠᠷᠠᠮᠵᠢ ᠶᠢ ᠨᠠᠩ ᠰᠡᠳᠬᠢᠯ ᠠᠮᠤᠷ ᠪᠣᠯᠭᠠᠪᠠ᠂ ᠠᠷᠠᠳ ᠣᠯᠠᠨ ᠤ ᠠᠯᠢ ᠣᠯᠠᠨ ︿ᠠᠵᠠ ᠵᠢᠷᠭᠠᠯ ᠤᠨ ᠨᠠᠷᠢᠨ ᠳᠠᠩᠰᠠ﹀ ᠨᠢ ᠴᠦ ᠥᠭᠡᠷᠡᠴᠢᠯᠡᠯᠲᠡ ᠶᠢᠨ ︿ᠦᠷ᠎ᠡ ᠪᠦᠲᠦᠮᠵᠢ ᠶᠢᠨ ᠨᠠᠷᠢᠨ ᠳᠠᠩᠰᠠ﹀ ᠮᠥᠨ︾᠃ ᠿᠧᠽᠸᠠᠨᠭᠦᠯᠢ·ᠱᠠᠥ᠋ᠲ᠋ᠢ᠂ ᠠᠵᠢᠯ ᠤᠨ ᠪᠠᠶᠢᠷᠢᠨ ᠳᠠᠭᠠᠨ ᠪᠤᠴᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠤᠨ ᠳᠤᠮᠳᠠ ᠠᠴᠠ ᠦᠨᠳᠦᠰᠦᠨ ᠱᠠᠲᠤᠨ ᠤ ᠥᠭᠡᠷᠡᠴᠢᠯᠡᠯᠲᠡ ᠶᠢᠨ ᠠᠵᠢᠯ ᠤᠨ ᠬᠦᠴᠦᠯᠡᠬᠦ ᠴᠡᠭ᠂ ᠰᠢᠪᠲᠤᠯᠤᠯᠲᠠ ᠶᠢᠨ ᠴᠡᠭ ᠢ ᠣᠯᠵᠤ᠂ ᠠᠷᠠᠳ ᠲᠤ ᠳᠦᠭᠦᠮ ᠦᠵᠡᠭᠦᠯᠭᠦ ᠦᠢᠯᠡᠴᠢᠯᠡᠭᠡ ᠳᠠᠬᠢ ᠪᠠᠭ᠎ᠠ ᠶᠠᠪᠤᠳᠠᠯ  ᠠᠴᠠ ᠡᠬᠢᠯᠡᠨ ᠠᠳᠬᠤᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ