ᠲᠥᠪ ᠤᠨ ᠤᠬᠠᠭᠤᠯᠬᠤ ᠬᠡᠯᠲᠡᠰ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      ᠲᠥᠪ ᠤᠨ ᠤᠬᠠᠭᠤᠯᠬᠤ ᠬᠡᠯᠲᠡᠰ 18 ᠤ ᠣᠷᠣᠢ ᠪᠡᠭᠡᠵᠢᠩ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠧᠯᠸᠢᠰ ᠤᠲᠠᠰᠤ ᠬᠤᠷᠠᠯ ᠬᠤᠷᠠᠯᠳᠤᠭᠤᠯᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠃ ᠪᠦᠭᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠪᠣᠯ᠂ ᠲᠡᠦᠬᠡ ᠶᠢᠨ ᠰᠢᠨ᠎ᠡ ᠡᠭᠢᠯᠡᠯᠲᠡ ᠳᠡᠭᠡᠷ᠎ᠡ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠬᠤ ᠪᠠᠰᠠ ᠨᠢᠭᠡ ᠤᠳᠠᠭᠠᠨ ᠤ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠪᠠᠶᠢᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ᠂ ᠮᠥᠨ ᠴᠦ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠭᠦᠢᠴᠡᠳ ᠢᠯᠡᠷᠡᠭᠦᠯᠵᠦ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠬᠦ ᠡᠷᠡᠰ ᠵᠣᠷᠢᠭ ᠢᠶᠠᠷ ᠮᠠᠨ ᠤ ᠨᠠᠮ ᠤᠨ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠬᠤ ᠴᠢᠩᠭ᠎ᠠ ᠳᠣᠬᠢᠶ᠎ᠠ ᠶᠢ ᠤᠯᠤᠰ ᠤᠨ ᠳᠣᠲᠣᠭᠠᠳᠤ ᠭᠠᠳᠠᠭᠠᠳᠤ ᠳᠤ ᠳᠠᠮᠵᠢᠭᠤᠯᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠠᠶᠢᠲᠤᠷ ᠰᠤᠷᠤᠯᠴᠠᠨ ᠰᠠᠶᠢᠲᠤᠷ ᠣᠶᠢᠯᠠᠭᠠᠵᠤ᠂ ᠤᠬᠠᠭᠤᠯᠭ᠎ᠠ ᠮᠡᠳᠡᠭᠡᠯᠡᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠣᠨᠣᠯ ᠤᠨ ᠰᠤᠳᠤᠯᠭᠠᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ