7 ᠰᠠᠷ᠎ᠠ ᠶᠢᠨ 15 ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠵᠣᠬᠢᠶᠠᠯᠴᠢᠳ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ | ᠭᠦᠨᠵᠡᠭᠡᠶᠢᠷᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠫᠠᠶᠢᠰᠠ ᠣᠯᠭᠤᠬᠤ ᠶᠣᠰᠣᠯᠠᠯ ᠵᠢᠴᠢ ︽ᠤᠳᠬ᠎ᠠ ᠵᠣᠬᠢᠶᠠᠯ ᠢᠶᠠᠷ | ᠤᠮᠠᠷᠠᠲᠤ ᠬᠢᠯᠢ ᠶᠢ ᠰᠢᠮᠡᠵᠢᠭᠦᠯᠬᠦ ᠲᠡᠭᠷᠢ ᠶᠢᠨ ᠬᠡᠰᠢᠭᠲᠦ ᠪᠣᠷᠣᠳᠣᠬᠤᠢ - ᠳᠤᠮᠳᠠᠳᠤ ᠤᠯᠤᠰ ᠤᠨ ᠵᠣᠬᠢᠶᠠᠯᠴᠢᠳ ᠪᠠᠶᠠᠨᠨᠠᠭᠤᠷ ᠬᠤᠲᠠ ᠳᠤ ᠣᠷᠣᠬᠤ︾ ᠭᠤᠣᠯ | ᠰᠡᠳᠦᠪᠲᠦ ᠦᠢᠯᠡᠳᠦᠯᠭᠡ ᠶᠢᠨ ᠠᠶᠢᠯᠯᠠᠭᠠ ᠶᠠᠪᠤᠭᠳᠠᠵᠤ᠂ ᠪᠦᠭᠦ ᠤᠯᠤᠰ ᠤᠨ ᠡᠯ᠎ᠡ ᠭᠠᠵᠠᠷ ᠠᠴᠠ ᠢᠷᠡᠭᠰᠡᠨ 30 ᠭᠠᠷᠤᠢ ᠵᠣᠬᠢᠶᠠᠯᠴᠢ ᠶᠢᠨ ᠲᠥᠯᠥᠭᠡᠯᠡᠭᠴᠢ | ᠣᠷᠣᠯᠴᠠᠪᠠ᠃ | ᠠᠵᠢᠯᠯᠠᠭ᠎ᠠ ᠶᠢᠨ ᠳᠤᠮᠳᠠ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ | ᠪᠣᠯᠣᠨ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ︽ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ︾ ᠤᠨ ᠭᠤᠷᠪᠠᠨ ᠲᠠᠯ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠪᠣᠯᠣᠨ ᠥᠪᠥᠷ ᠮᠣᠩᠭᠤᠯ ᠤᠨ ᠵᠣᠬᠢᠶᠠᠯᠴᠢᠳ ᠤᠨ ᠨᠡᠶᠢᠭᠡᠮᠯᠢᠭ | ᠲᠤᠰ ᠲᠤᠰ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ ᠳᠤ ︽ᠰᠢᠨ᠎ᠡ ᠴᠠᠭ ᠦᠶ᠎ᠡ ᠶᠢᠨ ᠤᠳᠬ᠎ᠠ | ᠵᠣᠬᠢᠶᠠᠯ ᠤᠨ ᠦᠢᠯᠡᠳᠦᠯᠭᠡ ᠶᠢᠨ ᠴᠡᠭ︾ ᠤᠨ ᠫᠠᠶᠢᠰᠠ ᠣᠯᠭᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ 2022 ᠣᠨ ᠤ 6 ᠰᠠᠷ᠎ᠠ ᠠᠴᠠ ᠣᠳᠣ ᠪᠤᠯᠲᠠᠯ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠷᠢᠳ ᠬᠤᠵᠢᠳ 15 | ᠮᠤᠵᠢ︵ᠣᠷᠣᠨ᠂ ᠬᠤᠲᠠ︶ ᠳᠤ 23 ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ | ᠠᠩᠬᠠᠷᠤᠯ ᠢ ᠲᠠᠲᠠᠵᠤ᠂ ᠥᠷᠭᠡᠨ ᠳᠡᠯᠭᠡᠷᠡᠩᠭᠦᠢ ᠰᠠᠶᠢᠨ ᠨᠥᠯᠥᠭᠡ ᠲᠤᠰᠬᠠᠯ ᠭᠠᠷᠭᠠᠨ᠂ ᠤᠯᠠᠨ ᠤ ᠰᠠᠶᠢᠰᠢᠶᠠᠯ ᠢ ᠣᠯᠣᠭᠰᠠᠨ ᠰᠣᠶᠣᠯ ᠤᠨ ᠨᠡᠷᠡᠲᠦ ᠲᠡᠮᠳᠡᠭ | ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠦᠢᠯᠡᠰ ᠥᠷᠨᠢᠨ ᠬᠥᠭᠵᠢᠵᠦ᠂ ᠦᠢ ᠣᠯᠠᠨ ᠰᠢᠯᠢᠳᠡᠭ ᠵᠣᠬᠢᠶᠠᠯᠴᠢᠳ | ᠪᠣᠯᠣᠨ ᠪᠦᠲᠦᠭᠡᠯ ᠴᠣᠯᠭᠤᠷᠠᠨ ᠭᠠᠷᠴᠤ᠂ ᠲᠤᠮᠳᠠᠳᠤ ᠶᠢᠨ ᠤᠳᠬ᠎ᠠ ᠵᠣᠬᠢᠶᠠᠯ ᠤᠨ ᠴᠡᠴᠡᠭᠯᠡᠨ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠪᠠᠶᠠᠨᠨᠠᠭᠤᠷ ᠬᠤᠲᠠ ᠪᠣᠯ ᠥᠪᠥᠷ ᠮᠣᠩᠭᠤᠯ ᠤᠨ ᠲᠦᠷᠦᠭᠦᠦ ᠪᠦᠯᠦᠭ ᠤᠨ ᠭᠤᠶᠤᠴᠢᠯᠠᠨ ᠮᠡᠳᠡᠭᠦᠯᠵᠦ ᠵᠥᠪᠰᠢᠶᠡᠷᠡᠭᠳᠡᠭᠰᠡᠨ ᠳᠤᠮᠳᠠᠳᠤ ᠤᠯᠤᠰ ᠤᠨ ᠵᠣᠬᠢᠶᠠᠯᠴᠢᠳ | ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ | ᠨᠢᠭᠡ ᠪᠣᠯᠣᠨ᠎ᠠ᠂ ᠡᠨᠡ ᠨᠢ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠦᠢᠯᠡᠰ ᠢ ᠰᠡᠳᠬᠢᠯ ᠲᠠᠯᠪᠢᠨ | ᠭᠦᠨᠵᠡᠭᠡᠢ ᠬᠠᠯᠠᠮᠵᠢᠯᠠᠵᠤ ᠪᠠᠶᠢᠬᠤ ᠶᠢ ᠬᠠᠷᠠᠭᠤᠯᠵᠤ᠂ ᠳᠤᠮᠳᠠᠳᠤ ᠤᠯᠤᠰ ᠤᠨ ᠵᠣᠬᠢᠶᠠᠯᠴᠢ᠂ ᠥᠪᠥᠷ ᠮᠣᠩᠭᠤᠯ ᠤᠨ ᠵᠣᠬᠢᠶᠠᠯᠴᠢ ᠳᠤ ᠳᠤᠮᠳᠠᠳᠤ ᠤᠯᠤᠰ ᠤᠨ ᠦᠯᠢᠭᠡᠷ᠂ | ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠥᠷᠭᠡᠨ ᠠᠭᠤᠳᠠᠮ ᠲᠠᠪᠴᠠᠩ ᠪᠠ ᠴᠣ ᠰᠢᠨ᠎ᠡ ᠦᠢᠯᠡᠳᠦᠯᠭᠡ ᠬᠠᠩᠭᠠᠭᠰᠠᠨ ᠪᠠᠶᠢᠨ᠎ᠠ᠃ | ︽ᠥᠷᠭᠡᠨ ᠣᠯᠠᠨ ᠵᠣᠬᠢᠶᠠᠯᠴᠢᠳ ᠤᠨ ᠪᠠᠶᠠᠨᠨᠠᠭᠤᠷ ᠲᠤ ᠭᠦᠨᠵᠡᠭᠡᠶᠢᠷᠡᠨ᠂ ᠣᠷᠴᠢᠨ ᠲᠣᠭᠤᠷᠢᠨ ᠤ ᠵᠠᠰᠠᠯᠲᠠ ᠶᠢᠨ ᠬᠠᠲᠠᠭᠤ ᠪᠡᠷᠬᠡ ᠪᠠ ᠠᠮᠵᠢᠯᠲᠠ | ᠪᠦᠲᠦᠮᠵᠢ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠠᠷᠠᠳ ᠲᠦᠮᠡᠨ ᠤ ᠲᠡᠮᠡᠴᠡᠯ ᠤᠨ ᠥᠩᠭᠡᠷᠡᠯᠲᠡ ᠶᠢ ᠰᠡᠳᠬᠢᠯ ᠲᠠᠯᠪᠢᠨ ᠲᠡᠮᠳᠡᠭᠯᠡᠵᠦ᠂ ᠠᠳᠡᠬᠢ ᠪᠣᠬᠢᠷᠳᠤᠯ | ᠦᠭᠡᠢ ᠬᠥᠭᠵᠢᠯᠲᠡ ᠶᠢ ᠪᠢᠴᠢᠭᠯᠡᠨ᠂ ᠤᠳᠬ᠎ᠠ ᠵᠣᠬᠢᠶᠠᠯ ᠢᠶᠠᠷ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠬᠥᠬᠡᠮᠳᠦᠭ | ᠨᠣᠭᠤᠭᠠᠨ ᠠᠭᠤᠯᠠ ᠤᠰᠤ ᠪᠠᠨ ᠬᠠᠮᠲᠤᠪᠠᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ︾ ᠬᠡᠮᠡᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠴᠧᠨ ᠶᠠᠨ ᠢᠯᠡᠷᠬᠡᠶᠢᠯᠡᠭᠰᠡᠨ ᠪᠠᠶᠢᠨ᠎ᠠ᠃ | ᠲᠤᠰ ᠤᠳᠠᠭ᠎ᠠ ᠶᠢᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠵᠣᠬᠢᠶᠠᠯᠴᠢᠳ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ | ᠲᠠᠯᠠᠪᠠᠢ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢ ᠬᠢᠨᠠᠨ ᠬᠡᠮᠵᠢᠬᠦ ᠲᠥᠪ᠂ ᠬᠠᠲᠤᠨ ᠭᠤᠣᠯ ᠤᠨ ᠤᠰᠤᠨ | ᠠᠰᠢᠭᠯᠠᠯᠲᠠ ᠶᠢᠨ ᠰᠣᠶᠣᠯ ᠤᠨ ᠮᠦᠽᠧᠢ᠂ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠭᠦ ᠣᠷᠣᠨ᠂ ᠤᠯᠠᠭᠠᠨᠰᠤᠬᠠᠢ ᠨᠠᠭᠤᠷ | ᠵᠡᠷᠭᠡ ᠭᠠᠵᠠᠷ ᠲᠤ ᠭᠦᠨᠵᠡᠭᠡᠶᠢᠷᠡᠵᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ | | |