ᠰᠢᠨᠬᠤᠸᠠ ᠬᠤᠷᠢᠶ᠎ᠠ ᠡᠷᠬᠡ ᠣᠯᠭᠤᠯᠲᠠ ᠪᠠᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠣᠨ ᠰᠢ ᠶᠢᠨ ᠫᠢᠩ ᠤᠨ ᠬᠢᠭᠰᠡᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠶᠢ ᠪᠦᠭᠦ ᠠᠭᠤᠯᠭ᠎ᠠ ᠪᠠᠷ ᠨᠢ ᠨᠡᠶᠢᠲᠡᠯᠡᠪᠡ
ᠨᠡᠶᠢᠲᠡᠯᠡᠭᠰᠡᠨ ᠴᠠᠭ᠄
2024/7/24
      ᠰᠢᠨᠬᠤᠸᠠ ᠬᠤᠷᠢᠶ᠎ᠠ 21 ᠤ ᠡᠳᠦᠷ ᠡᠷᠬᠡ ᠣᠯᠭᠤᠯᠲᠠ ᠪᠠᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠣᠨ ᠰᠢ  ᠶᠢᠨ ᠫᠢᠩ ᠤᠨ ᠬᠢᠭᠰᠡᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠶᠢ ᠪᠦᠭᠦ ᠠᠭᠤᠯᠭ᠎ᠠ ᠪᠠᠷ ᠨᠢ ᠨᠡᠶᠢᠲᠡᠯᠡᠪᠡ᠃      ᠲᠣᠭᠲᠠᠭᠠᠯ ᠨᠢ ᠪᠠᠷᠤᠭ 2.2 ᠲᠦᠮᠡᠨ ᠦᠰᠦᠭ ᠲᠠᠢ᠂ ᠤᠳᠤᠷᠢᠳᠬᠠᠯ ᠪᠠ ᠲᠡᠭᠦᠰᠬᠡᠯ ᠤᠨ ᠦᠭᠡ ᠠᠴᠠ ᠪᠤᠰᠤᠳ ᠠᠷᠪᠠᠨ ᠲᠠᠪᠤᠨ ᠪᠦᠯᠦᠭ ᠢᠶᠠᠷ  ᠪᠦᠷᠢᠯᠳᠦᠵᠦ᠂ ᠭᠤᠷᠪᠠᠨ ᠶᠡᠭᠡ ᠬᠡᠰᠡᠭ ᠲᠤ ᠬᠤᠪᠢᠶᠠᠪᠠ᠃ ᠨᠢᠭᠡᠳᠦᠭᠡᠷ ᠪᠦᠯᠦᠭ ᠢ ᠨᠢᠭᠡᠳᠦᠭᠡᠷ ᠶᠡᠭᠡ ᠬᠡᠰᠡᠭ ᠲᠤ ᠪᠠᠭᠲᠠᠭᠠᠵᠤ᠂ ᠶᠡᠷᠦᠩᠬᠡᠢ ᠥᠭᠦᠯᠡᠯᠲᠡ ᠪᠣᠯᠣᠨ᠎ᠠ᠂ ᠭᠤᠣᠯᠳᠠᠭᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠪᠦᠯᠦᠭ ᠠᠴᠠ ᠠᠷᠪᠠᠨ ᠳᠥᠷᠪᠡᠳᠦᠭᠡᠷ ᠪᠦᠯᠦᠭ ᠬᠦᠷᠲᠡᠯᠡᠬᠢ ᠪᠣᠯ ᠬᠤᠶᠠᠳᠤᠭᠠᠷ ᠶᠡᠭᠡ ᠬᠡᠰᠡᠭ ᠪᠠᠶᠢᠵᠤ᠂ ᠬᠤᠪᠢᠶᠠᠷᠢ ᠥᠭᠦᠯᠡᠯᠲᠡ ᠪᠣᠯᠣᠨ᠎ᠠ᠂ ᠭᠤᠣᠯᠳᠠᠭᠤ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠵᠡᠷᠭᠡ ᠲᠠᠯ᠎ᠠ ᠪᠠᠷ ᠬᠢ ᠥᠭᠡᠷᠡᠴᠢᠯᠡᠯᠲᠡ ᠶᠢ ᠪᠠᠶᠢᠷᠢᠯᠠᠭᠤᠯᠪᠠ᠃ ᠠᠷᠪᠠᠨ ᠲᠠᠪᠤᠳᠤᠭᠠᠷ ᠪᠦᠯᠦᠭ ᠨᠢ ᠭᠤᠷᠪᠠᠳᠤᠭᠠᠷ ᠶᠡᠭᠡ ᠬᠡᠰᠡᠭ ᠲᠤ ᠪᠠᠭᠲᠠᠵᠤ᠂ ᠭᠤᠣᠯᠳᠠᠭᠤ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠶᠠᠷᠢᠭᠰᠠᠨ ᠪᠠᠶᠢᠨ᠎ᠠ᠃ ᠠᠭᠤᠯᠭ᠎ᠠ ᠶᠢᠨ ᠵᠤᠷᠪᠤᠰ ᠪᠦᠭᠦᠨ ᠢ ᠵᠢᠭᠰᠠᠭᠠᠵᠤ᠂ 60 ᠵᠤᠷᠪᠤᠰ ᠵᠢᠭᠰᠠᠭᠠᠪᠠ᠃      ᠲᠣᠭᠲᠠᠭᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠨ ᠲᠠᠶᠢᠴᠢᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠤᠯᠭᠠᠵᠤ᠂ ᠰᠢᠰᠲ᠋ᠧᠮᠵᠢᠭᠦᠯᠦᠨ ᠬᠤᠷᠠᠭᠤᠯᠬᠤ ᠶᠢ ᠨᠠᠩ ᠴᠢᠬᠤᠯᠠᠴᠢᠯᠠᠵᠤ᠂ ᠭᠤᠣᠯᠳᠠᠯᠭ᠎ᠠ ᠶᠢ ᠳᠣᠪᠤᠶᠢᠯᠭᠠᠬᠤ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠠ ᠠᠵᠤ ᠠᠬᠤᠢ ᠶᠢᠨ ᠰᠠᠭᠤᠷᠢ᠂ ᠤᠯᠤᠰ ᠤᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠵᠣᠬᠢᠴᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃      ᠲᠣᠭᠲᠠᠭᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠲᠡᠷᠡᠴᠢᠯᠡᠨ 2029 ᠣᠨ ᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠤᠢ ᠪᠤᠯᠬᠤ ᠦᠶ᠎ᠡ ᠳᠤ ᠲᠤᠰ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠪᠠ᠃      ᠲᠣᠭᠲᠠᠭᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠣᠣᠷᠠᠬᠢ ᠵᠠᠷᠴᠢᠮ ᠢ ᠲᠤᠭᠤᠰᠢᠯᠠᠭᠤᠯᠤᠨ᠎ᠠ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ; ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠤᠤᠭᠠᠯ ᠡᠭᠦᠳᠦᠯᠲᠡ ᠶᠢᠨ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠵᠤ᠂ ᠥᠭᠡᠷᠡᠴᠢᠯᠡᠯᠲᠡ ᠨᠢ ᠠᠷᠠᠳ ᠲᠦᠮᠡᠨ ᠤ ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠲᠡᠢ; ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ᠂ ᠦᠢᠯᠡᠳᠦᠯᠭᠡ ᠶᠢᠨ ᠬᠥᠭᠵᠢᠯᠲᠡ ᠶᠢ ᠲᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠰᠢᠨ᠎ᠡ ᠭᠠᠷᠤᠭ᠎ᠠ ᠠᠴᠠ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠦᠯᠬᠢᠨ ᠠᠭᠢᠭᠤᠯᠤᠨ᠎ᠠ; ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ᠂ ᠶᠡᠷᠦᠩᠬᠡᠢ ᠳᠤᠨᠢ ᠤᠬᠠᠭᠠᠯᠠᠨ ᠲᠥᠯᠥᠪᠯᠡᠬᠦ᠂ ᠡᠪᠳᠡᠬᠦ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ᠂ ᠦᠨᠳᠦᠰᠦᠨ ᠪᠠᠶᠢᠭᠤᠯᠤᠯ ᠢ ᠪᠠᠬᠢᠵᠢᠭᠦᠯᠵᠦ᠂ ᠭᠤᠣᠯ ᠪᠠᠶᠢᠭᠤᠯᠤᠯ ᠢ ᠲᠡᠭᠦᠯᠳᠡᠷᠵᠢᠭᠦᠯᠵᠦ᠂ ᠴᠢᠬᠤᠯᠠ ᠪᠠᠶᠢᠭᠤᠯᠤᠯ ᠤᠨ ᠰᠢᠨ᠎ᠡ ᠶᠢ ᠡᠭᠦᠳᠦᠨ᠎ᠡ; ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠮ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ  ᠶᠢ ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠤᠯ ᠪᠣᠯᠭᠠᠨ ᠳᠡᠭᠡᠭᠰᠢᠯᠡᠭᠦᠯᠦᠨ᠎ᠡ; ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠵᠤ ᠠᠬᠤᠢ ᠪᠠ ᠨᠡᠶᠢᠭᠡᠮ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ ᠠᠮᠢᠵᠢᠷᠠᠯ ᠤᠨ ᠬᠦᠴᠦᠨ ᠪᠠ ᠡᠮᠬᠢ ᠵᠢᠷᠤᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠤᠨ ᠬᠢᠭᠰᠡᠨ ᠲᠣᠳᠣᠷᠬᠠᠶᠢᠯᠠᠯᠲᠠ ᠨᠢ ᠪᠠᠷᠤᠭ 5000 ᠦᠰᠦᠭ ᠲᠠᠢ᠂ ᠭᠤᠷᠪᠠᠨ ᠪᠦᠯᠦᠭ ᠬᠤᠪᠢᠶᠠᠨ᠎ᠠ᠄  ᠪᠦᠭᠦᠳᠡ ᠬᠤᠷᠠᠯ ᠤᠨ ᠵᠥᠪᠯᠡᠬᠦ ᠵᠦᠢᠯ ᠢ ᠲᠣᠭᠲᠠᠭᠠᠬᠤ ᠲᠤᠬᠠᠢ ᠪᠤᠳᠣᠯᠭᠢᠯᠠᠯ; ᠲᠣᠭᠲᠠᠭᠠᠯ ᠤᠨ ᠨᠣᠣᠷᠠᠭ ᠢ ᠲᠤᠭᠤᠷᠪᠢᠭᠰᠠᠨ ᠶᠠᠪᠤᠴᠠ ᠶᠢᠨ ᠲᠤᠬᠠᠢ; ᠲᠣᠭᠲᠠᠭᠠᠯ ᠤᠨ ᠨᠣᠣᠷᠠᠭ ᠤᠨ ᠦᠨᠳᠦᠰᠦᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ ᠶᠢᠨ ᠲᠤᠬᠠᠢ᠃      ᠲᠣᠳᠣᠷᠬᠠᠶᠢᠯᠠᠯᠲᠠ ᠳᠤ᠂ ᠪᠦᠭᠦᠳᠠ ᠬᠤᠷᠠᠯ ᠤᠨ ᠵᠥᠪᠯᠡᠬᠦ ᠵᠦᠢᠯ ᠢ ᠲᠣᠭᠲᠠᠭᠠᠬᠤ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠪᠤᠢ᠄ ᠨᠢᠭᠡᠳᠦᠭᠡᠷ ᠲᠤ᠂ ᠡᠨᠡ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠪᠣᠯᠣᠨ᠎ᠠ᠃ ᠬᠤᠶᠠᠳᠤᠭᠠᠷ ᠲᠤ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠭᠤᠷᠪᠠᠳᠤᠭᠠᠷ ᠲᠤ᠂ ᠡᠨᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠳᠤ ᠨᠡᠩ ᠰᠠᠶᠢᠲᠤᠷ ᠵᠣᠬᠢᠴᠠᠬᠤ ᠶᠢᠨ ᠲᠤᠯᠭᠠᠮ ᠱᠠᠭᠠᠷᠳᠠᠯᠭ᠎ᠠ ᠮᠥᠨ᠃ ᠳᠥᠷᠪᠡᠳᠦᠭᠡᠷ ᠲᠤ᠂ ᠡᠨᠡ ᠪᠣᠯ ᠬᠦᠨᠳᠦ ᠶᠡᠭᠡ ᠲᠦᠭᠰᠢᠭᠦᠷᠢ ᠰᠢᠯᠭᠠᠯᠲᠠ ᠶᠢ ᠠᠷᠭᠠᠴᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃      ᠲᠣᠳᠣᠷᠬᠠᠶᠢᠯᠠᠯᠲᠠ ᠳᠤ ᠲᠣᠭᠲᠠᠭᠠᠯ ᠤᠨ ᠨᠣᠣᠷᠠᠭ ᠢ ᠲᠤᠭᠤᠷᠪᠢᠭᠰᠠᠨ ᠶᠠᠪᠤᠴᠠ ᠶᠢ ᠲᠠᠨᠢᠯᠴᠠᠭᠤᠯᠪᠠ᠃ 2023 ᠣᠨ ᠤ 11 ᠰᠠᠷ᠎ᠠ ᠳᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ 2023 ᠣᠨ ᠤ 12 ᠰᠠᠷ᠎ᠠ ᠳᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠵᠢᠩᠬᠢᠨᠢ ᠪᠠᠷ ᠡᠬᠢᠯᠡᠪᠡ᠃ 7 ᠰᠠᠷ᠎ᠠ ᠭᠠᠷᠤᠢ ᠶᠢᠨ ᠬᠤᠭᠤᠴᠠᠭᠠᠨ ᠳᠤ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠰᠠᠨᠠᠯ ᠬᠤᠷᠢᠶᠠᠵᠤ᠂ ᠲᠤᠰᠬᠠᠢ ᠰᠡᠳᠦᠪᠲᠦ ᠨᠤᠲᠠᠯᠠᠯᠲᠠ ᠬᠢᠵᠦ᠂ ᠲᠠᠭᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠪᠠ᠃ ᠲᠤᠭᠤᠷᠪᠢᠬᠤ ᠠᠵᠢᠯ ᠤᠨ ᠶᠠᠪᠤᠴᠠ ᠳᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠵᠤ ᠬᠢᠨᠠᠨ ᠵᠥᠪᠯᠡᠵᠦ ᠵᠠᠰᠠᠪᠤᠷᠢ ᠣᠷᠣᠭᠤᠯᠤᠭᠠᠳ᠂ ᠡᠨᠡ ᠤᠳᠠᠭᠠᠨ ᠤ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠲᠣᠭᠲᠠᠭᠠᠯ ᠤᠨ ᠨᠣᠣᠷᠠᠭ ᠢ ᠪᠤᠢ ᠪᠣᠯᠭᠠᠵᠠᠢ᠃      ᠲᠣᠳᠣᠷᠬᠠᠶᠢᠯᠠᠯᠲᠠ ᠳᠤ᠂ ᠲᠣᠭᠲᠠᠭᠠᠯ ᠤᠨ ᠨᠣᠣᠷᠠᠭ ᠢ ᠲᠤᠭᠤᠷᠪᠢᠬᠤ ᠶᠠᠪᠤᠴᠠ ᠳᠤ᠂ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠪᠡ᠄ ᠨᠢᠭᠡ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠵᠢᠷᠤᠮᠯᠠᠬᠤ ᠵᠠᠷᠴᠢᠮ ᠢ ᠲᠣᠭᠲᠠᠭᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠪᠠ᠃ ᠬᠤᠶᠠᠷ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠪᠠ᠃ ᠭᠤᠷᠪᠠ ᠳᠤ᠂ ᠭᠤᠣᠯᠳᠠᠯᠭ᠎ᠠ ᠶᠢ ᠠᠳᠬᠤᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠳᠣᠪᠤᠶᠢᠯᠭᠠᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠳᠣᠪᠤᠶᠢᠯᠭᠠᠵᠤ᠂ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠳᠣᠪᠤᠶᠢᠯᠭᠠᠪᠠ᠃ ᠳᠥᠷᠪᠡ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠠᠬᠢᠭᠤᠯᠪᠠ᠃ ᠲᠠᠪᠤ ᠳᠤ᠂ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠳᠠᠬᠢ ᠪᠦᠬᠦᠯᠢ ᠴᠣᠭᠴᠠ ᠶᠢᠨ ᠤᠬᠠᠭᠠᠯᠠᠨ ᠲᠥᠯᠥᠪᠯᠡᠭᠡ᠂ ᠰᠢᠰᠲ᠋ᠧᠮᠲᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠬᠠᠮᠵᠢᠯᠴᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠣᠯᠭᠠᠪᠠ ᠭᠡᠵᠦ ᠵᠢᠭᠠᠵᠤ ᠭᠠᠷᠭᠠᠪᠠ᠃      ᠲᠣᠳᠣᠷᠬᠠᠶᠢᠯᠠᠯᠲᠠ ᠳᠤ᠂ ᠲᠣᠭᠲᠠᠭᠠᠯ ᠤᠨ ᠨᠣᠣᠷᠠᠭ ᠲᠤ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠠᠲᠤ ᠡᠵᠡᠮᠳᠡᠵᠦ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠠᠭᠤᠯᠭ᠎ᠠ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠳᠣᠣᠷᠠᠬᠢ ᠬᠡᠳᠦᠨ ᠣᠨᠴᠠᠯᠢᠭ ᠲᠠᠢ᠄ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠪᠠ; ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠪᠠ; ᠪᠦᠭᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠪᠠ; ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠪᠠ; ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠴᠢᠬᠤᠯᠠᠴᠢᠯᠠᠪᠠ ᠭᠡᠵᠦ ᠵᠢᠭᠠᠵᠤ ᠭᠠᠷᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ