ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠺᠠᠵᠢᠶᠠᠮᠸᠢ ᠶᠢᠨ ᠷᠦᠸᠠᠨᠳᠠ ᠶᠢᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/7/24
      7 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠦ᠋ᠯ·ᠺᠠᠵᠢᠶᠠᠮᠸᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠷᠦᠸᠠᠨᠳᠠ ᠤᠯᠤᠰ ᠤᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠷᠦᠸᠠᠨᠳᠠ ᠪᠣᠯ ᠳᠤᠮᠳᠠᠳᠤ ᠤᠯᠤᠰ ᠤᠨ ᠤᠯᠠᠮᠵᠢᠯᠠᠯᠲᠤ ᠨᠥᠭᠦᠷᠰᠡᠭ ᠤᠯᠤᠰ ᠮᠥᠨ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠤᠯᠠᠮᠵᠢᠯᠠᠯᠲᠤ ᠨᠥᠬᠦᠷᠯᠡᠯ ᠲᠠᠰᠤᠷᠠᠯᠳᠠ ᠦᠭᠡᠢ ᠭᠦᠨᠵᠡᠭᠡᠶᠢᠷᠡᠪᠡ᠃ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ