ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/7/24
      ᠲᠦᠭ ᠲᠦᠮᠡᠨ ᠭᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠬᠡᠯ ᠤᠨ ᠵᠠᠷᠤᠯᠭ᠎ᠠ ᠠᠴᠠ ᠪᠣᠯᠤᠭᠰᠠᠨ ᠠᠵᠤ ᠠᠬᠤᠢ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠭᠡᠬᠦ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠬᠡᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠬᠡᠯ ᠤᠨ ᠳᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠭᠰᠢᠳᠠ ᠪᠠᠲᠤᠯᠠᠬᠤ ᠪᠣᠯᠣᠨ᠎ᠠ᠃       ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠤ ᠭᠤᠶᠤᠴᠢᠯᠠᠬᠤ ᠪᠣᠶ᠂ ᠪᠠᠰᠠ ᠶᠠᠭᠠᠬᠢᠵᠤ ᠰᠦᠢᠳᠬᠡᠯ ᠲᠤᠰᠢᠶᠠᠬᠤ ᠪᠣᠶ︖  ᠳᠦᠷᠢᠮ ᠢ ᠲᠣᠭᠲᠠᠭᠠᠭᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠤᠰᠠᠭᠠᠷ ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠦᠭᠡᠢ ᠪᠣᠯᠵᠤ᠂ ᠪᠣᠶ ᠪᠦᠬᠦᠢ ᠰᠦᠢᠳᠬᠡᠯ ᠢ ᠲᠤᠰᠢᠶᠠᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠣᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠥᠮᠥᠰ ᠪᠣᠯᠬᠤᠷ ᠲᠤᠰᠠᠭᠠᠷ ᠰᠦᠢᠳᠬᠡᠯ ᠲᠤᠰᠢᠶᠠᠬᠤ ᠴᠢᠬᠤᠯᠠ ᠦᠭᠡᠢ ᠪᠣᠯᠵᠠᠢ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ  ᠢ ᠡᠬᠢᠯᠡᠭᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃       ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠤ ᠪᠤᠢ︖       ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠦᠭᠡᠢ᠂ ᠲᠤᠰᠢᠶᠠᠬᠤ ᠬᠠᠷᠢᠴᠠᠯ ᠢ 60 % ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ ᠬᠦᠴᠢᠷᠳᠡᠯᠲᠡᠢ ᠬᠥᠮᠥᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠶᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠥᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠨ᠎ᠠ᠃       ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖       ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠦᠵᠡᠭᠦᠯᠦᠭᠰᠡᠨ ᠡᠮ ᠡᠮᠨᠡᠯᠭᠡ ᠶᠢᠨ ᠰᠦᠢᠳᠬᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠬᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠳᠠᠷᠤᠢ ᠳᠤᠨᠢ ᠲᠠᠰᠤᠯᠤᠨ ᠪᠤᠳᠤᠵᠦ ᠥᠭᠭᠦᠨ᠂ ᠬᠠᠮᠢᠶ᠎ᠠ ᠪᠦᠬᠦᠢ ᠣᠯᠭᠤᠮᠵᠢ ᠶᠢ ᠠᠶᠠᠨᠳᠠᠭᠠᠨ ᠬᠦᠷᠳᠡᠭᠦ ᠪᠣᠯᠣᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠦᠭᠡᠢ᠃       ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠣᠯ ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖       ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠣᠭᠲᠠᠭᠠᠭᠰᠠᠨ ᠡᠬᠢᠨ ᠤ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠢ ᠳᠡᠮᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠲᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ ᠶᠢ ᠬᠤᠪᠢ ᠬᠥᠮᠥᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠲᠠᠭᠠᠯᠠᠭᠳᠠᠨ᠎ᠠ᠃
ᠢᠷᠡᠯᠲᠡ᠄ ᠠᠷᠠᠳ ᠤᠨ ᠰᠦᠯᠵᠢᠶ᠎ᠡ