ᠰᠢ ᠶᠢᠨ ᠫᠢᠩ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠦᠭᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠪᠠᠷ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/7/26
      ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠦᠭᠦ ᠠᠵᠢᠯᠲᠠᠨ ᠳᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠬᠠᠯᠠᠭᠤᠨ ᠮᠡᠨᠳᠦᠴᠢᠯᠡᠯ ᠬᠦᠷᠭᠡᠵᠦ ᠪᠠᠶᠢᠬᠤ ᠪᠠᠨ ᠢᠯᠡᠳᠬᠡᠭᠰᠡᠨ ᠪᠥᠭᠡᠳ ᠴᠢᠩ ᠰᠡᠳᠬᠢᠯ ᠤᠨ ᠬᠦᠰᠡᠯ  ᠨᠠᠶᠢᠳᠠᠯᠭ᠎ᠠ  ᠳᠤᠷᠠᠳᠴᠠᠢ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ ᠰᠢᠶᠠᠮᠧᠨ ᠳᠤ ᠠᠵᠢᠯᠯᠠᠵᠤ ᠪᠠᠶᠢᠬᠤ ᠳᠠᠭᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠠᠩᠬ᠎ᠠ ᠡᠭᠦᠳᠦᠯᠲᠡ ᠳᠤ ᠣᠷᠣᠯᠴᠠᠵᠤ᠂ 40 ᠵᠢᠯ ᠤᠨ ᠲᠤᠷᠰᠢ ᠺᠤᠮᠫᠠᠨᠢ ᠶᠢᠨ ᠦᠰᠦᠨ ᠪᠤᠶᠢᠵᠢᠯᠲᠠ ᠶᠢ ᠠᠩᠬᠠᠷᠤᠭᠰᠠᠭᠠᠷ ᠢᠷᠡᠵᠠᠢ᠃ ᠤᠳᠤ ᠭᠠᠷ ᠬᠤᠭᠤᠰᠤᠨ ᠢᠶᠠᠷ ᠠᠳᠠᠯ ᠪᠣᠰᠬᠠᠭᠰᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠥᠰᠥᠷᠥᠯᠳᠠ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠦᠭᠰᠡᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠭᠡᠪᠡ᠃      ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠ ᠨᠠᠷ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠪᠠᠷ ᠦᠢᠯᠡᠳᠦᠯ ᠢᠶᠠᠨ ᠪᠠᠳᠠᠷᠠᠭᠤᠯᠵᠤ᠂ ᠠᠷᠠᠳ ᠤᠨ ᠠᠭᠠᠷ ᠤᠨ ᠠᠶᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ 1984 ᠣᠨ ᠤ 7 ᠰᠠᠷ᠎ᠠ ᠳᠤ ᠪᠠᠶᠢᠭᠤᠯᠤᠭᠳᠠᠵᠤ᠂ ᠮᠠᠨ ᠤ ᠤᠯᠤᠰ ᠤᠨ ᠠᠩᠬᠠᠳᠠᠭᠴᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢᠶᠠᠷ ᠡᠵᠡᠩᠨᠡᠭᠰᠡᠨ ᠠᠭᠠᠷ ᠤᠨ ᠠᠶᠠᠯᠠᠯ ᠤᠨ ᠺᠤᠮᠫᠠᠨᠢ ᠪᠣᠯᠣᠨ᠎ᠠ᠃ ᠰᠢᠶᠠᠮᠧᠨ ᠳᠤ ᠠᠵᠢᠯᠯᠠᠵᠤ ᠪᠠᠶᠢᠬᠤ ᠳᠠᠭᠠᠨ᠂ ᠰᠢ ᠶᠢᠨ ᠫᠢᠩ ᠠᠩᠬ᠎ᠠ ᠡᠭᠦᠳᠬᠦ ᠱᠠᠲᠤᠨ ᠳᠤ ᠪᠠᠶᠢᠭᠰᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠣᠯᠠᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠥᠭᠡᠳ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠥᠭᠡᠷᠡᠴᠢᠯᠡᠯᠲᠡ ᠬᠥᠭᠵᠢᠯᠲᠡ ᠶᠢ ᠢᠮᠠᠭᠲᠠ ᠬᠠᠯᠠᠮᠵᠢᠯᠠᠨ ᠵᠢᠯᠣᠭᠤᠳᠴᠠᠢ᠃ ᠣᠳᠣᠬᠠᠨ ᠳᠤ᠂ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠡᠵᠡᠩᠨᠡᠵᠦ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠠᠶᠠᠯᠠᠯ ᠤᠨ ᠱᠤᠭᠤᠮ 400 ᠭᠠᠷᠤᠢ ᠪᠣᠯᠵᠤ᠂ ᠵᠢᠯ ᠤᠨ ᠠᠶᠠᠨᠴᠢᠨ ᠤ ᠵᠥᠭᠡᠭᠡᠪᠦᠷᠢ ᠶᠢᠨ ᠬᠡᠮᠵᠢᠶ᠎ᠡ 4000 ᠲᠦᠮᠡ ᠰᠢᠬᠠᠮ ᠬᠥᠮᠥᠨ ᠤᠳᠠᠭ᠎ᠠ ᠳᠤ ᠬᠦᠷᠴᠦ᠂ ᠨᠢᠰᠦᠯᠲᠡ ᠶᠢᠨ ᠠᠮᠤᠷ ᠲᠦᠪᠰᠢᠨ ᠤ ᠲᠠᠪᠤᠨ ᠤᠳᠤᠨ ᠱᠠᠩᠨᠠᠯ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠵᠡᠷᠭᠡ ᠢᠷᠠᠭᠤ ᠠᠯᠳᠠᠷ ᠢ ᠬᠦᠷᠲᠡᠵᠦ ᠥᠩᠭᠡᠷᠡᠪᠡ᠃ ᠣᠶᠢᠷ᠎ᠠ ᠳᠤ᠂ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠦᠭᠦ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠺᠤᠮᠫᠠᠨᠢ ᠪᠠᠶᠢᠭᠤᠯᠤᠭᠳᠠᠭᠰᠠᠨ 40 ᠵᠢᠯ ᠤᠨ ᠲᠤᠷᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠣᠯᠣᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠪᠠᠨ ᠬᠠᠷᠢᠭᠤ ᠮᠡᠳᠡᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ ᠵᠣᠷᠢᠭ ᠢᠶᠠᠨ ᠬᠥᠪᠴᠢᠯᠡᠨ ᠥᠭᠡᠷᠡᠴᠢᠯᠡᠯᠲᠡ ᠬᠢᠵᠦ᠂ ᠺᠤᠮᠫᠠᠨᠢ ᠪᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠪᠠᠷ ᠴᠢᠷᠮᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠳᠤ ᠢᠳᠡᠪᠬᠢᠲᠡᠢ ᠬᠦᠴᠦᠨ ᠨᠡᠮᠡᠷᠢᠯᠡᠬᠦ ᠵᠣᠷᠢᠭ ᠢᠶᠠᠨ ᠢᠯᠡᠳᠬᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ