ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ᠃      ᠸᠠᠩ ᠯᠢ ᠰᠢᠶᠠ ᠭᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠡᠭᠡᠵᠢᠩ ᠶᠡᠭᠡ ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠰᠠᠶᠢᠨ ᠰᠠᠶᠢᠬᠠᠨ ᠬᠠᠨᠳᠤᠰᠢ ᠢᠯᠡᠷᠡᠪᠡ᠃ ᠨᠢᠳᠤᠨᠤᠨ ᠥᠪᠥᠷ ᠮᠣᠩᠭᠤᠯ ᠪᠣᠯᠣᠨ ᠪᠡᠭᠡᠵᠢᠩ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠨᠢᠭᠡᠨᠲᠡ ᠰᠢᠯᠢᠳᠡᠭ ᠰᠠᠶᠢᠨ ᠦᠷ᠎ᠡ ᠪᠦᠲᠦᠮᠵᠢ ᠣᠯᠵᠠᠢ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠬᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ ᠨᠣᠭᠤᠭᠠᠨ ᠪᠣᠳᠣᠯᠲᠠ ᠵᠡᠷᠭᠡ ᠬᠦᠷᠢᠶᠡᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ︽ᠶᠠᠭᠠᠬᠢᠵᠤ ᠲᠥᠭᠦᠮ ᠦᠵᠡᠭᠦᠯᠭᠦ ᠴᠢᠬᠤᠯᠠᠲᠠᠢ ᠪᠣᠯ ᠲᠡᠭᠡᠵᠦ ᠬᠢᠬᠦ︾ ᠵᠠᠷᠴᠢᠮ ᠶᠣᠰᠣᠭᠠᠷ᠂ ᠲᠤᠰᠬᠠᠢ ᠮᠡᠷᠭᠡᠵᠢᠯᠲᠡᠨ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ ᠪᠠ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠥᠪᠥᠷ ᠮᠣᠩᠭᠤᠯ ᠳᠤ ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ ᠭᠡᠵᠡᠢ᠃      ᠭᠦᠩ ᠴᠢ ᠬᠤᠸᠠᠩ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠠᠪᠤᠯᠴᠠᠭ᠎ᠠ ᠭᠦᠨ ᠵᠤᠵᠠᠭᠠᠨ ᠪᠠᠶᠢᠵᠤ᠂ ᠰᠣᠯᠢᠯᠴᠠᠭ᠎ᠠ ᠨᠢᠭᠲᠠ ᠪᠠᠶᠢᠳᠠᠭ᠃ ᠬᠤᠶᠢᠰᠢᠳᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠪᠦᠯᠭᠦᠮ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠣᠰᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ ᠳᠡᠮᠵᠢᠨ᠎ᠡ ᠭᠡᠵᠦ ᠢᠯᠡᠳᠬᠡᠪᠡ᠃      ᠪᠦᠦ ᠰᠢᠶᠠᠨ ᠬᠤᠸᠠ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ