ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠲᠡᠭᠦᠰᠪᠡ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/26
      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 7 ᠰᠠᠷ᠎ᠠ ᠶᠢᠨ 25 ᠤ ᠦᠳᠡ ᠶᠢᠨ ᠬᠤᠶᠢᠨ᠎ᠠ ᠲᠡᠭᠦᠰᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 72 ᠬᠥᠮᠥᠨ ᠪᠤᠶ᠂ ᠲᠣᠰ ᠤᠳᠠᠭ᠎ᠠ ᠶᠢᠨ ᠬᠤᠷᠠᠯ ᠳᠤ 63 ᠬᠥᠮᠥᠨ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠥᠷᠥᠰᠥ ᠶᠢ ᠬᠠᠮᠠᠭᠠᠯᠠᠬᠤ‌‍ᠲ᠋ᠦ᠋ᠷᠢᠮ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ ︵ᠵᠠᠰᠠᠪᠤᠷᠢ ᠣᠷᠣᠭᠤᠯᠤᠭᠰᠠᠨ︶︾ ᠢ ᠪᠠᠲᠤᠯᠠᠯᠲᠠ ᠬᠢᠵᠦ ᠪᠠᠲᠤᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠭᠦᠭᠡᠬᠤᠲᠠ ᠶᠢᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠭᠦᠭᠡᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠬᠤᠲᠠ ᠲᠣᠭᠤᠷᠢᠭᠰᠠᠨ ᠤᠰᠤᠨ ᠤ ᠪᠦᠰᠡ ᠶᠢ ᠬᠠᠮᠠᠭᠠᠯᠠᠬᠤ ᠳᠦᠷᠢᠮ︾ ᠢ‌ᠵᠥ᠋ᠪᠰᠢᠶᠡᠷᠡᠬᠦ ᠲᠤᠬᠠᠢ ᠰᠢᠢᠳᠪᠦᠷᠢ᠂ ︽︿ᠪᠤᠭᠤᠲᠤ ᠬᠤᠲᠠ ᠶᠢᠨ ᠤᠰᠤ ᠬᠥᠷᠥᠰᠥ ᠶᠢ ᠬᠠᠮᠠᠭᠠᠯᠠᠬᠤ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠬᠥᠯᠥᠨ ᠪᠤᠶᠢᠷ ᠬᠤᠲᠠ ᠶᠢᠨ ᠪᠣᠯᠪᠠᠰᠤᠨ ᠲᠠᠭᠢᠯᠭ᠎ᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠲᠦᠩᠯᠢᠶᠣᠣ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠤᠯᠠᠭᠠᠨᠬᠠᠳᠠ ᠬᠤᠲᠠ ᠶᠢᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠤᠯᠠᠭᠠᠨᠬᠠᠳᠠ ᠬᠤᠲᠠ ᠶᠢᠨ ᠬᠡᠭᠡᠷ᠎ᠡ ᠭᠠᠳᠠᠨᠠᠬᠢ ᠶᠢᠨ ᠭᠠᠯ‌‍ᠰᠡᠷᠭᠡᠶᠢᠯᠡᠬᠦ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠴᠠᠪ ᠬᠤᠲᠠ ᠶᠢᠨ ᠭᠦᠶᠲᠡᠨᠰᠢᠯᠢ ᠶᠢᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠣᠷᠳᠣᠰ ᠬᠤᠲᠠ ᠶᠢᠨ ᠪᠣᠯᠪᠠᠰᠤᠨ ᠠᠵᠢᠯᠯᠠᠭ᠎ᠠ ᠶᠢ ᠠᠬᠢᠭᠤᠯᠬᠤ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 5 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠯᠲᠠ ᠬᠢᠵᠦ ᠪᠠᠲᠤᠯᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠵᠥᠪᠰᠢᠶᠡᠷᠡᠬᠦ ᠲᠤᠬᠠᠢ ᠰᠢᠢᠳᠪᠦᠷᠢ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠯᠲᠠ ᠬᠢᠵᠦ ᠪᠠᠲᠤᠯᠠᠪᠠ᠃      ᠬᠤᠷᠠᠯ ᠠᠴᠠ ︽ᠪᠠᠢ ᠴᠢᠩ ᠶᠤᠸᠠᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠯᠲᠠ ᠬᠢᠵᠦ ᠪᠠᠲᠤᠯᠠᠪᠠ᠃      ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠶᠢ ᠪᠠᠲᠤᠯᠠᠯᠲᠠ ᠬᠢᠵᠦ ᠪᠠᠲᠤᠯᠠᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠯᠲᠠ ᠬᠢᠵᠦ ᠪᠠᠲᠤᠯᠠᠵᠤ᠂ ᠰᠦᠨ ᠵᠢᠶᠦ᠋ᠨ ᠴᠢᠩ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃      ᠰᠦᠨ ᠱᠤᠤ ᠴᠧᠩ ᠠᠴᠠ ᠰᠦᠨ ᠵᠢᠶᠦ᠋ᠨ ᠴᠢᠩ ᠵᠡᠷᠭᠡ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃     ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠤ᠂ ᠰᠦᠨ ᠵᠢᠶᠦ᠋ᠨ ᠴᠢᠩ ᠳᠠᠭᠠᠭᠤᠯᠤᠨ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠢ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠤᠯᠪᠣᠭᠳᠠᠬᠤ ᠬᠠᠮᠢᠶ᠎ᠠ ᠪᠦᠬᠦᠢ ᠥᠭᠡᠷᠡᠴᠢᠯᠡᠯᠲᠡ ᠶᠢᠨ ᠵᠦᠢᠯᠡᠰ ᠢ ᠨᠠᠷᠢᠨ ᠬᠢᠨᠠᠮᠠᠭᠠᠢ ᠡᠮᠬᠢᠯᠡᠵᠦ᠂ ᠰᠢᠰᠲ᠋ᠧᠮᠲᠦ ᠴᠢᠨᠠᠷᠲᠠᠢ ᠲᠥᠯᠦᠪᠵᠢᠭᠦᠯᠭᠡ᠂ ᠪᠦᠬᠦᠯᠢ ᠴᠣᠭᠴᠠ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠪᠣᠳᠠᠲᠠᠢ ᠪᠦᠲᠦᠮᠵᠢᠳᠡᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠤᠯᠭᠠᠬᠤ ᠠᠵᠢᠯ ᠢ ᠰᠠᠶᠢᠲᠤᠷ ᠬᠢᠵᠦ᠂ ᠨᠠᠩ ᠲᠡᠭᠦᠯᠳᠡᠷᠵᠢᠭᠰᠡᠨ ᠬᠠᠤᠯᠢᠵᠢᠯ ᠢᠶᠠᠷ ᠳᠠᠮᠵᠢᠭᠤᠯᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠵᠢᠷᠭᠤᠭᠠᠨ ᠢᠨᠵᠧᠨᠧᠷᠢᠩ︾ ᠢ ᠲᠦᠷᠭᠡᠨ ᠬᠡᠷᠡᠭᠵᠢᠭᠦᠯᠬᠦ ᠶᠢ ᠱᠠᠯᠠᠪᠳᠠᠵᠤ᠂ ᠬᠤᠶᠠᠷ ᠶᠡᠭᠡ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠩ ᠣᠯᠠᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠰᠠᠨᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠥᠷᠭᠡᠨ ᠣᠯᠠᠨ ᠲᠥᠯᠥᠭᠡᠯᠡᠭᠴᠢᠳ ᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠬᠦ ᠶᠢ ᠬᠥᠲᠥᠯᠥᠨ ᠵᠢᠯᠤᠭᠤᠳᠴᠤ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠲᠥᠯᠥᠭᠡᠯᠡᠭᠴᠢᠳ ᠤᠨ ᠲᠤᠰᠬᠠᠭᠰᠠᠨ ᠰᠠᠨᠠᠭᠤᠯᠭ᠎ᠠ ᠶᠢ ᠴᠤᠭᠯᠠᠭᠤᠯᠬᠤ᠂ ᠰᠢᠢᠳᠪᠦᠷᠢᠯᠡᠬᠦ ᠪᠠ ᠬᠠᠷᠢᠭᠤ ᠲᠤᠰᠬᠠᠬᠤ ᠪᠦᠭᠦ ᠬᠡᠯᠬᠢᠶᠡᠨ ᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠵᠤ ᠪᠠᠶᠢᠭᠠᠳ ᠲᠦᠷᠭᠡᠨ ᠢᠶᠠᠷ ᠰᠢᠢᠳᠪᠦᠷᠢᠯᠡᠭᠦᠯᠬᠦ ᠮᠥᠷᠲᠡᠭᠡᠨ ᠪᠠᠰᠠ ᠲᠥᠯᠥᠭᠡᠯᠡᠭᠴᠢᠳ ᠲᠤ ᠰᠠᠶᠢᠲᠤᠷ ᠬᠠᠷᠢᠭᠤ ᠲᠤᠰᠬᠠᠵᠤ᠂ ᠰᠠᠨᠠᠭᠤᠯᠭ᠎ᠠ ᠶᠢ ᠰᠢᠢᠳᠪᠦᠷᠢᠯᠡᠭᠰᠡᠨ ᠨᠢ ᠲᠥᠯᠥᠭᠡᠯᠡᠭᠴᠢᠳ ᠲᠤ ᠬᠠᠨᠤᠮᠵᠢᠲᠠᠢ᠂ ᠤᠯᠠᠨ ᠲᠦᠮᠡᠨ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ