ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠡᠪᠯᠡᠯ ᠤᠨ ᠥᠷᠲᠡᠭᠡ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠭᠦᠯᠡᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ᠥᠪᠥᠷ ᠮᠣᠩᠭᠤᠯ ᠤᠨ ᠠᠵᠢᠯᠴᠢᠨ ᠤ | ᠡᠪᠯᠡᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠨᠡᠷ᠎ᠡ ᠳᠤᠷᠠᠳᠤᠨ ᠰᠠᠶᠢᠰᠢᠶᠠᠵᠠᠢ᠃ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠠᠵᠢᠯᠲᠠᠨ ᠠᠵᠢᠯᠴᠢᠨ ᠬᠠᠮᠢᠭ᠎ᠠ ᠪᠠᠶᠢᠪᠠᠯ᠂ ᠠᠵᠢᠯᠴᠢᠨ ᠤ | ᠡᠪᠯᠡᠯ ᠤᠨ ᠦᠢᠯᠡᠴᠢᠯᠡᠭᠡ ᠲᠡᠨᠳᠡ ᠭᠦᠷᠲᠡᠯ᠎ᠡ ᠦᠷᠭᠦᠯᠵᠢᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠬᠤᠳᠠᠯᠳᠤᠭᠠᠨ ᠤ ᠲᠣᠭᠤᠷᠢᠭ᠂ ᠵᠡᠭᠡᠯᠢ ᠭᠤᠳᠤᠮᠵᠢ ᠶᠢᠨ ᠭᠤᠣᠯ | ᠵᠠᠮ᠂ ᠪᠠᠩᠬᠢ᠂ ᠦᠢᠯᠡᠴᠢᠯᠡᠭᠡᠨ ᠤ ᠶᠡᠭᠡ ᠲᠢᠩᠬᠢᠮ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠠᠵᠢᠯᠲᠠᠨ ᠠᠵᠢᠯᠴᠢᠨ ᠨᠢᠭᠲᠠᠷᠠᠭᠰᠠᠨ᠂ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠪᠠᠷ ᠥᠨᠳᠥᠷ ᠲᠠᠯᠠᠪᠤᠷ ᠭᠠᠵᠠᠷ ᠲᠤ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠷᠢᠳ ᠬᠤᠵᠢᠳ ᠠᠵᠢᠯᠴᠢᠨ ᠤ ᠡᠪᠯᠡᠯ ᠤᠨ | ᠥᠷᠲᠡᠭᠡ᠂ ᠵᠢᠯᠣᠭᠤᠴᠢ ᠶᠢᠨ ᠭᠡᠷ᠂ ᠠᠵᠢᠯᠴᠢᠨ ᠤ ᠰᠣᠶᠣᠯ ᠤᠨ ᠣᠷᠳᠣᠨ᠂ ᠠᠵᠢᠯᠴᠢᠨ ᠤ ᠪᠡᠶ᠎ᠡ ᠶᠢᠨ ᠲᠠᠮᠢᠷ ᠤᠨ ᠲᠠᠯᠠᠪᠠᠶ᠂ ᠠᠵᠢᠯᠴᠢᠨ ᠤ ᠰᠤᠪᠢᠯᠠᠯᠲᠠ ᠶᠢᠨ | ᠬᠦᠷᠢᠶᠡᠯᠡᠩ᠂ ᠡᠮᠡᠭᠲᠡᠢ ᠠᠵᠢᠯᠲᠠᠨ ᠠᠵᠢᠯᠴᠢᠨ ᠤ ᠠᠮᠠᠷᠠᠵᠤ ᠬᠥᠬᠦᠭᠦᠯᠬᠦ ᠦᠷᠦᠭᠡ᠂ ᠠᠵᠢᠯᠲᠠᠨ ᠠᠵᠢᠯᠴᠢᠨ ᠤ ᠦᠷ᠎ᠡ ᠬᠡᠦᠬᠡᠳ ᠢᠶᠠᠨ ᠨᠠᠶᠢᠳᠠᠨ ᠬᠠᠮᠢᠶᠠᠷᠤᠭᠤᠯᠬᠤ | ᠲᠥᠪ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠲᠥᠪ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ᠂ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ | ᠠᠵᠢᠯ ᠤᠨ ᠲᠠᠰᠤᠭ᠂ ᠭᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠠᠰᠤᠭ᠂ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠯ ᠤᠨ ᠰᠠᠭᠤᠷᠢᠨ᠂ ᠠᠵᠢᠯᠲᠠᠨ ᠤ | ᠡᠪᠯᠡᠯ ᠤᠨ ᠺᠠᠳ᠋ᠷᠴᠤᠳ ᠤᠨ ᠰᠤᠷᠭᠠᠭᠤᠯᠢ᠂ ᠠᠵᠢᠯᠲᠠᠨ ᠠᠵᠢᠯᠴᠢᠨ ᠤ ᠨᠣᠮ ᠤᠨ ᠥᠷᠥᠭᠡ ᠵᠡᠷᠭᠡ ᠨᠡᠶᠢᠲᠡ 14 ᠲᠥᠷᠥᠯ ᠤᠨ 4000 ᠭᠠᠷᠤᠢ ᠪᠦᠭᠦ ᠲᠠᠯ᠎ᠠ ᠶᠢᠨ᠂ | ᠣᠯᠠᠨ ᠶᠠᠩᠵᠤ ᠶᠢᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | ᠠᠵᠢᠯᠴᠢᠨ ᠤ ᠡᠪᠯᠡᠯ ᠤᠨ ᠲᠣᠭᠠᠴᠢᠯᠠᠭᠰᠠᠨ ᠣᠶᠤᠨᠴᠢᠯᠠᠭᠰᠠᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ᠂ ︽ᠨᠢᠭᠡ ᠵᠢᠷᠤᠭ ᠢᠶᠠᠷ ᠦᠢᠯᠡᠴᠢᠯᠡᠭᠡ ᠶᠢ | ᠪᠦᠷᠢᠨ ᠡᠳ᠋ᠯᠡᠬᠦ︾ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ ᠪᠤᠶ ᠪᠤᠯᠭᠠᠵᠤ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ︽ᠠᠵᠢᠯᠲᠠᠨ ᠠᠵᠢᠯᠴᠢᠨ ᠤ ᠭᠡᠷ︾ APP ᠶᠢ ᠣᠯᠠᠨ ᠲᠦᠮᠡᠨ ᠤ ᠠᠯᠠᠭᠠᠨ ᠳᠡᠭᠡᠷᠡᠬᠢ ᠠᠵᠢᠯᠲᠠᠨ ᠠᠵᠢᠯᠴᠢᠨ ᠤ ᠭᠡᠷ ᠪᠤᠯᠭᠠᠬᠤ ᠶᠢ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠦᠭᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ ᠠᠵᠢᠯᠴᠢᠨ ᠤ | ᠡᠪᠯᠡᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠰᠦᠯᠵᠢᠶᠡᠨ ᠳᠡᠭᠡᠷᠡᠬᠢ ᠭᠠᠵᠠᠷ ᠤᠨ ᠵᠢᠷᠤᠭ ᠲᠤ ᠤᠷᠤᠭᠤᠯᠬᠤ | ᠠᠵᠢᠯ ᠢ ᠪᠦᠭᠦ ᠲᠠᠯ᠎ᠠ ᠪᠠᠷ ᠢᠳᠡᠪᠬᠢᠲᠡᠢ ᠥᠷᠨᠢᠭᠦᠯᠪᠡ᠃ ᠣᠳᠣᠬᠠᠨ ᠪᠤᠯᠲᠠᠯ᠎ᠠ᠂ ᠪᠦᠭᠦ ᠣᠷᠣᠨ ᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ | ᠢ 100% ᠪᠠᠷ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠭᠡᠷ︾ APP ᠳᠤ ᠤᠷᠤᠭᠤᠯᠬᠤ ᠶᠢ ᠪᠡᠶᠡᠯᠡᠭᠦᠯᠪᠡ᠃ | | |