ᠥᠭᠡᠷᠡᠴᠢᠯᠡᠯᠲᠡ ᠨᠡᠭᠡᠭᠡᠯᠲᠡ ᠬᠢᠭᠰᠡᠨ ᠪᠠᠶᠠᠨᠨᠠᠭᠤᠷ ᠤᠨ ᠦᠢᠯᠡᠳᠦᠯᠭᠡ - ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠳᠦᠮᠵᠢ ᠴᠢᠳᠠᠪᠤᠷᠢ ᠶᠢᠨ ᠥᠭᠡᠷᠡᠴᠢᠯᠡᠯᠲᠡ ᠶᠢ ᠲᠦᠷᠭᠡᠳᠬᠡᠵᠦ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/30
      ᠮᠠᠨ ᠤ ᠬᠤᠲᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠴᠤᠭᠯᠠᠷᠠᠯᠵᠢᠯᠳᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ︽ᠭᠦᠢᠴᠡᠳᠬᠡᠵᠦ ᠪᠣᠯᠬᠤ︾ ᠪᠠᠶᠢᠭᠰᠠᠨ ᠠᠴᠠ ︽ᠭᠦᠢᠴᠡᠳᠬᠡᠬᠦ ᠳᠤ ᠠᠮᠠᠷ︾ ︽ ᠭᠦᠢᠴᠡᠳᠬᠡᠬᠦ ᠳᠤ ᠲᠦᠬᠦᠮ︾ ᠪᠣᠯᠭᠠᠨ ᠬᠤᠪᠢᠷᠠᠭᠤᠯᠪᠠ᠃       ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠥᠯᠥ ᠬᠥᠳᠡᠯᠬᠦ ᠬᠥᠷᠥᠩᠭᠡ ᠶᠢᠨ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ ᠲᠢᠩᠬᠢᠮ ᠳᠤ᠂ ᠬᠤᠲᠠ ᠶᠢᠨ ᠠᠷᠠᠳ ᠺᠦᠩ ᠳ᠋ᠧ ᠾᠦᠢ ᠣᠶᠤᠨᠴᠢ ᠮᠠᠰᠢᠨ ᠳᠡᠭᠡᠷ᠎ᠡ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠭᠠᠷ ᠭᠦᠢᠴᠡᠳᠬᠡᠯ ᠢ ᠭᠦᠢᠴᠡᠳᠬᠡᠵᠦ ᠪᠠᠶᠢᠯ᠎ᠠ᠃ ᠥᠩᠭᠡᠷᠡᠭᠰᠡᠨ ᠳᠤ ᠤᠯᠠᠨ ᠰᠠᠯᠠᠭ᠎ᠠ ᠮᠥᠴᠢᠷ ᠲᠤ ᠭᠦᠶᠦᠬᠦ ᠴᠢᠬᠤᠯᠠᠲᠠᠢ ᠪᠠᠶᠢᠭᠰᠠᠨ ᠪᠣᠯ ᠤᠳᠤ ᠵᠦᠪᠬᠡᠨ ᠡᠨᠡᠬᠦ ᠣᠶᠤᠨᠴᠢ ᠮᠠᠰᠢᠨ ᠢᠶᠠᠷ ᠬᠡᠳᠦᠬᠡᠨ ᠮᠢᠨᠦ᠋ᠲ ᠤᠨ ᠳᠣᠲᠣᠷ᠎ᠠ ᠪᠦᠬᠦᠨ ᠢ ᠭᠦᠢᠴᠡᠳᠬᠡᠭᠡᠳ ᠳᠠᠭᠤᠰᠬᠠᠴᠢᠬᠠᠪᠠ᠃ ︽ᠨᠢᠭᠡ ᠯᠡ ᠤᠳᠠᠭ᠎ᠠ ᠳᠤ ᠭᠦᠢᠴᠡᠳᠬᠡᠭᠡᠳ ᠳᠠᠭᠤᠰᠬᠠᠴᠢᠬᠠᠯ᠎ᠠ᠂ ᠨᠠᠭᠠᠰᠢ ᠴᠠᠭᠠᠰᠢ ᠭᠦᠶᠦᠬᠦ ᠴᠢᠬᠤᠯᠠ ᠦᠭᠡᠢ᠂ ᠮᠢᠨᠤ ᠴᠠᠭ ᠢ ᠠᠷᠪᠢᠯᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠠᠵᠢᠯ ᠶᠠᠪᠤᠳᠠᠯ ᠭᠦᠢᠴᠡᠳᠬᠡᠬᠦ ᠦᠷ᠎ᠡ ᠪᠦᠳᠦᠮᠵᠢ ᠶᠢ ᠲᠡᠬᠡᠭᠰᠢᠯᠡᠬᠦᠯᠵᠤ ᠴᠢᠳᠠᠭᠰᠠᠨ︾ ᠭᠡᠵᠦ ᠬᠤᠳᠠ ᠶᠢᠨ ᠠᠷᠠᠳ ᠺᠦᠩ ᠳ᠋ᠧ ᠾᠦᠢ ᠬᠡᠯᠡᠵᠦ ᠪᠠᠶᠢᠯ᠎ᠠ᠃       ᠮᠠᠨ ᠤ ᠬᠤᠲᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠡᠬᠢ ᠪᠠᠶᠠᠯᠢᠭ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠥᠪᠡᠰᠦᠪᠡᠨ ᠦᠢᠯᠡᠴᠢᠯᠡᠬᠦ ᠮᠠᠰᠢᠨ ᠳᠤ ᠰᠠᠭᠤᠷᠢᠯᠠᠨ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ ᠨᠡᠭᠡᠭᠡᠨ ᠬᠥᠭᠵᠢᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠂ ᠠᠭᠤᠯᠭ᠎ᠠ᠂ ᠠᠬᠤᠢ ᠪᠠᠶᠢᠳᠠᠯ ᠢ ᠪᠠᠶᠠᠯᠢᠭᠵᠢᠭᠤᠯᠤᠨ᠂ ᠨᠢᠭᠡ ᠪᠦᠯᠦᠭ ︽ᠥᠪᠡᠰᠦᠪᠡᠨ ᠰᠢᠢᠳᠪᠦᠷᠢᠯᠡᠵᠦ ᠪᠣᠯᠬᠤ ᠵᠦᠢᠯᠡᠰ︾ ᠢ ᠬᠦᠴᠦᠯᠡᠨ ᠪᠣᠶ ᠪᠣᠯᠭᠠᠪᠠ᠃ ᠣᠲᠣ ᠪᠣᠯᠲᠠᠯ᠎ᠠ᠂ ᠨᠡᠶᠢᠲᠡ 413 ᠬᠡᠷᠡᠭᠯᠡᠭᠡᠨ ᠢ ᠲᠠᠪᠴᠠᠩ ᠳᠤ ᠭᠠᠷᠭᠠᠵᠤ᠂ ︽ᠮᠥᠩᠬᠡ ᠰᠤᠪᠠᠭ︾ ᠤᠨ ᠬᠡᠷᠡᠭᠯᠡᠭᠡᠨ ᠤ ᠫᠷᠣᠭ᠍ᠷᠠᠮ ᠢᠶᠠᠷ ᠳᠠᠮᠵᠢᠭᠤᠯᠤᠨ 3.1 ᠲᠦᠮᠡᠨ ᠬᠤᠪᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠪᠠᠶᠢᠨ᠎ᠠ᠃       ᠣᠶᠢᠷ᠎ᠠ ᠶᠢᠨ ᠵᠢᠯ ᠤᠳ ᠲᠤ᠂ ᠮᠠᠨ ᠤ ᠬᠤᠲᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠴᠤᠭᠯᠠᠷᠠᠯᠵᠢᠯᠳᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠵᠠᠭᠠᠭ ᠬᠢᠵᠠᠭᠠᠷ ᠢ ᠡᠪᠳᠡᠨ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠲᠥᠪᠯᠡᠷᠡᠭᠦᠯᠦᠨ ᠦᠢᠯᠡᠴᠢᠯᠡᠬᠦ ᠶᠢ ᠪᠡᠶᠡᠯᠡᠭᠦᠯᠪᠡ᠃ ᠪᠥᠬᠦ ᠬᠤᠲᠠ ᠶᠢᠨ 12 ᠰᠠᠯᠠᠭ᠎ᠠ ᠮᠥᠴᠢᠷ ᠤᠨ ᠪᠠᠶᠢᠭᠤᠯᠤᠭᠰᠠᠨ 20 ᠲᠤᠬᠠᠶᠢᠯᠠᠭᠰᠠᠨ ᠠᠵᠢᠯ ᠤᠨ ᠰᠢᠰᠲ᠋ᠧᠮ ᠤᠨ 676 ᠵᠦᠢᠯᠡᠰ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 99.64% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 98.62% ᠳᠤ ᠬᠦᠷᠴᠡᠢ᠃       ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠭᠰᠡᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠨᠡᠶᠢᠲᠡ 9.44 ᠲᠦᠮᠡᠨ ᠬᠤᠪᠢ ᠪᠠᠶᠢᠵᠤ᠂ ᠰᠦᠯᠵᠢᠶᠡᠨ ᠳᠡᠭᠡᠷ᠎ᠡ ᠡᠷᠭᠢᠯᠡᠭᠰᠡᠨ ᠮᠠᠲ᠋ᠧᠷᠢᠶᠠᠯ ᠤᠨ ᠡᠵᠡᠯᠡᠬᠦ ᠬᠠᠷᠢᠴᠠᠯ ᠨᠢ 43.21% ᠳᠤ ᠬᠦᠷᠴᠦ᠂ 921 ᠡᠯᠧᠺᠲᠷᠣᠨ ᠲᠠᠮᠠᠭ᠎ᠠ ᠶᠢ ᠦᠢᠯᠡᠳᠦᠨ ᠲᠠᠷᠬᠠᠭᠠᠵᠤ᠂ ᠣᠷᠤᠭ ᠤᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠡᠷᠡᠴᠢ ᠵᠡᠷᠭᠡ 176 ᠲᠥᠷᠥᠯ ᠤᠨ 259 ᠲᠦᠮᠡᠨ ᠡᠯᠧᠺᠲᠷᠣᠨ ᠦᠨᠡᠮᠯᠡᠯ ᠢ ᠨᠡᠶᠢᠯᠡᠭᠦᠯᠦᠨ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ ᠨᠢ 99.96% ᠪᠠᠶᠢᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠦᠨᠡᠮᠯᠡᠯ ᠢ ᠬᠡᠯᠲᠦᠷᠢᠭᠦᠯᠬᠦ︾ ᠵᠦᠢᠯᠡᠰ ᠢ ᠨᠡᠶᠢᠲᠡ 835 ᠬᠤᠪᠢ ᠨᠤᠲᠠᠯᠠᠨ ᠵᠥᠪᠰᠢᠶᠡᠷᠡᠵᠦ᠂ ︽ᠺᠣᠳ᠋ ᠰᠢᠷᠪᠢᠵᠦ ᠦᠨᠡᠮᠯᠡᠯ ᠭᠠᠷᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠧᠺᠲᠷᠣᠨ ᠦᠨᠡᠮᠯᠡᠯ ᠤᠨ ᠮᠠᠲ᠋ᠧᠷᠢᠶᠠᠯ ᠢ ᠨᠡᠶᠢᠲᠡ 6600 ᠭᠠᠷᠤᠢ ᠬᠤᠪᠢ ᠬᠠᠰᠤᠵᠤ ᠬᠡᠯᠲᠦᠷᠢᠭᠦᠯᠦᠨ᠂ ᠨᠡᠶᠢᠲᠡ 1175 ᠲᠦᠮᠡ ᠭᠠᠷᠤᠢ ᠤᠳᠠᠭ᠎ᠠ ᠶᠢᠨ ᠡᠯᠧᠺᠲᠷᠣᠨ ᠦᠨᠡᠮᠯᠡᠯ ᠢ ᠰᠢᠯᠵᠢᠭᠦᠯᠦᠨ ᠬᠡᠷᠡᠭᠯᠡᠪᠡ᠃    
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ