ᠮᠠᠨ ᠤ ᠬᠤᠳᠠ ︽ᠤᠷᠠᠳ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠠᠰᠤ ᠴᠢᠨᠠᠷ ᠦᠷ᠎ᠡ | ᠠᠰᠢᠭ ᠢ ᠨᠡᠮᠡᠭᠳᠡᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠣᠯᠠᠨ ᠤᠯᠤᠰ ᠤᠨ | ᠬᠠᠮᠲᠤᠷᠠᠯᠴᠠᠭᠠᠨ ᠤ ᠰᠦᠯᠵᠢᠶ᠎ᠡ ᠶᠢ ᠪᠠᠶᠢᠭᠤᠯᠵᠤ᠂ ︽ᠳᠥᠭᠦᠮ ᠳᠥᠲᠡ ᠲᠦᠷᠭᠡᠨ᠂ ᠠᠮᠤᠷ ᠲᠦᠪᠰᠢᠨ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠣᠷᠴᠢᠨ | ᠲᠣᠭᠤᠷᠢᠨ ᠢ ᠬᠠᠮᠠᠭᠠᠯᠠᠬᠤ︾ ᠤᠯᠠᠨ ᠤᠯᠤᠰ ᠤᠨ ᠲᠡᠭᠡᠭᠡᠪᠦᠷᠢ ᠶᠢᠨ ᠵᠠᠮ ᠢ ᠨᠡᠭᠡᠭᠡᠭᠰᠡᠨ ᠪᠠᠶᠢᠨ᠎ᠠ᠃ | ᠤᠷᠠᠳ ᠤᠨ ᠬᠤᠶᠢᠲᠤ ᠬᠤᠰᠢᠭᠤᠨ ᠤ ᠶᠢᠨ ᠬᠤᠣ ᠲᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ᠂ ᠬᠦᠨᠳᠦ ᠶᠢ ᠡᠷᠭᠦᠬᠦ ᠮᠠᠰᠢᠨ ᠨᠠᠰᠢ ᠴᠠᠰᠢ | ᠰᠦᠯᠵᠢᠯᠳᠦᠵᠦ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ︽ᠤᠷᠠᠳ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠮᠣᠰᠺᠸᠠ ᠳᠤ ᠬᠦᠷᠬᠦ ᠪᠠᠷ | ᠪᠡᠯᠡᠳᠬᠡᠵᠦ ᠪᠠᠶᠢᠯ᠎ᠠ᠃ | ᠥᠪᠥᠷ ᠮᠣᠩᠭᠤᠯ ᠤᠨ ᠶᠢᠨ ᠬᠤᠣ ᠲᠧ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠵᠢᠶᠠᠨ ᠵᠥᠩ | ᠰᠤᠷᠪᠤᠯᠵᠢᠯᠠᠭᠴᠢ ᠳᠤ ᠲᠣᠰ ᠤᠳᠠᠭ᠎ᠠ ᠶᠢᠨ ᠠᠴᠢᠶᠠᠯᠠᠭᠰᠠᠨ ᠪᠠᠷᠠᠭ᠎ᠠ ᠨᠢ ᠭᠤᠣᠯᠳᠠᠭᠤ ᠭᠡᠷ ᠤᠨ ᠴᠠᠬᠢᠯᠭᠠᠨ ᠬᠡᠷᠡᠭᠰᠡᠯ᠂ ᠨᠡᠶᠢᠲᠡ 55 ᠴᠢᠩᠭᠡᠯᠢᠭ᠂ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢᠨ ᠨᠡᠮᠡᠭᠳᠡᠯ ᠢ ᠳᠠᠭᠠᠯᠳᠤᠨ᠂ ᠨᠠᠩ ᠣᠯᠠᠨ ᠪᠠᠶᠠᠨᠨᠠᠭᠤᠷ ᠤᠨ ᠦᠢᠯᠡᠳᠪᠦᠷᠢᠯᠡᠭᠰᠡᠨ᠂ ᠳᠤᠮᠳᠠᠳᠤ | ᠤᠯᠤᠰ ᠤᠨ ᠦᠢᠯᠡᠳᠪᠦᠷᠢᠯᠡᠭᠰᠡᠨ ᠪᠠᠷᠠᠭ᠎ᠠ ᠲᠠᠸᠠᠷ ᠢ ᠪᠦᠬᠦ ᠳᠡᠯᠡᠬᠡᠢ ᠳᠤ ᠬᠦᠷᠭᠡᠨ᠎ᠡ ᠭᠡᠪᠡ᠃ | ᠮᠠᠨ ᠤ ᠬᠤᠲᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ ᠶᠢᠨ ᠴᠢᠬᠤᠯᠠ ᠲᠦᠰᠢᠭ ᠪᠣᠯᠭᠠᠨ᠂ ᠵᠡᠭᠦᠨ ᠣᠷᠣᠨ ᠢ ᠵᠠᠯᠭᠠᠮᠵᠢᠯᠠᠵᠤ ᠪᠠᠷᠠᠭᠤᠨ ᠣᠷᠣᠨ ᠢ ᠰᠡᠩᠬᠡᠷᠡᠭᠦᠯᠬᠦ᠂ ᠡᠮᠦᠨᠡᠲᠦ ᠶᠢ ᠬᠤᠯᠪᠣᠭᠠᠯᠠᠵᠤ ᠤᠮᠠᠷᠠᠲᠤ ᠶᠢ | ᠨᠡᠭᠡᠭᠡᠬᠦ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠠ | ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠢᠭᠡᠨᠲᠡ ᠣᠷᠣᠰ᠂ ᠪᠧᠯᠤᠷᠦ᠋ᠢᠰ᠂ ᠺᠠᠽᠠᠬᠰᠲ᠋ᠠᠨ ᠵᠡᠷᠭᠡ 30 ᠭᠠᠷᠤᠢ ᠤᠯᠤᠰ ᠪᠠ ᠭᠠᠵᠠᠷ ᠣᠷᠣᠨ ᠳᠤ | ᠨᠡᠪᠲᠡᠷᠡᠭᠰᠡᠨ ᠪᠠᠶᠢᠨ᠎ᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠬᠤ ᠶᠢ ᠳᠠᠭᠠᠯᠳᠤᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠴᠦ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢᠨ ᠰᠢᠨ᠎ᠡ ᠬᠤᠷᠳᠤᠴᠠ ᠶᠢ ᠲᠠᠰᠤᠷᠠᠯᠲᠠ ᠦᠭᠡᠢ ᠠᠬᠢᠭᠤᠯᠵᠤ᠂ ᠨᠡᠩ ᠤᠯᠠᠨ ᠪᠠᠶᠠᠨᠨᠠᠭᠤᠷ ᠤᠨ | ᠨᠤᠲᠤᠭ ᠤᠨ ᠪᠦᠲᠦᠭᠡᠭᠳᠡᠬᠦᠨ ᠨᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠠᠰᠢᠭᠯᠠᠨ ᠭᠠᠳᠠᠭᠠᠳᠤ ᠳᠤ ᠭᠠᠷᠬᠤ ᠪᠣᠯᠤᠭᠰᠠᠨ ᠪᠠᠶᠢᠨ᠎ᠠ᠃ | ᠣᠳᠣᠬᠠᠨ ᠪᠣᠯᠲᠠᠯ᠎ᠠ᠂ ︽ᠤᠷᠠᠳ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠶᠢᠳᠡ 44 ᠤᠳᠠᠭ᠎ᠠ ᠨᠡᠭᠡᠭᠡᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠲᠡ 5.73 ᠲᠦᠮᠡᠨ ᠲᠣᠨ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠠᠷᠠᠯᠵᠢᠶᠠᠨ ᠤ ᠦᠷᠳᠡᠭ 5.86 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠥᠪᠥᠷ ᠮᠣᠩᠭᠤᠯ ᠤᠨ ᠶᠢᠨ ᠬᠤᠣ ᠲᠧ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠵᠢᠶᠠᠨ ᠵᠥᠩ | ᠰᠤᠷᠪᠤᠯᠵᠢᠯᠠᠭᠴᠢ ᠳᠤ ᠣᠲᠣ ᠶᠠᠭ ᠶᠢᠨ ᠬᠤᠣ ᠲᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠭᠤᠷᠪᠠᠨ ᠱᠤᠭᠤᠮ ᠳᠦᠷᠪᠡᠨ ᠥᠷᠲᠡᠭᠡᠨ ᠤ | ᠲᠠᠪᠴᠠᠩ︾ ᠢ ᠥᠷᠭᠡᠳᠬᠡᠨ ᠪᠠᠶᠢᠭᠤᠯᠬᠤ ᠢᠨᠵᠧᠨᠧᠷᠢᠩ ᠶᠢ ᠲᠦᠯᠬᠢᠨ ᠠᠬᠢᠭᠤᠯᠵᠤ ᠪᠠᠶᠢᠨ᠎ᠠ᠃ ᠲᠠᠷᠠᠭᠠᠴᠢ ᠪᠠᠷ 1050 ᠮᠧᠲᠷ ᠤᠨ ᠤᠷᠳᠤ ᠭᠤᠷᠪᠠᠨ ᠱᠤᠭᠤᠮ ᠢ | ᠵᠡᠷᠭᠡ ᠪᠠᠷ ᠨᠡᠭᠡᠭᠡᠵᠦ᠂ ᠵᠢᠯ ᠤᠨ ᠣᠷᠣᠭᠤᠯᠵᠤ ᠭᠠᠷᠭᠠᠬᠤ ᠪᠠᠷᠠᠭᠠᠨ ᠤ ᠬᠡᠮᠵᠢᠶ᠎ᠡ ᠨᠢ 600 ᠲᠦᠮᠡᠨ ᠲᠣᠨ ᠳᠤ ᠬᠦᠷᠬᠦ ᠪᠣᠯᠣᠨ᠎ᠠ ᠭᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠢᠨ᠎ᠡ ᠠᠽᠢᠶ᠎ᠠ ᠡᠸᠦ᠋ᠷᠦᠫᠡ ᠡᠬᠡ ᠬᠠᠭᠤᠷᠠᠢ ᠶᠢᠨ ᠬᠥᠭᠦᠷᠭᠡ ᠶᠢᠨ ᠠᠵᠤ ᠠᠬᠤᠢ ᠶᠢᠨ ᠪᠦᠰᠡ ᠶᠢᠨ ᠭᠤᠣᠯ ᠵᠠᠩᠭᠢᠯᠠᠭ᠎ᠠ ᠶᠢᠨ | ᠴᠢᠭ ᠢ ᠴᠣᠭᠴᠠᠯᠠᠨ ᠪᠠᠶᠢᠭᠤᠯᠵᠤ᠂ ︽ᠵᠢᠰᠢᠶᠠᠨ ᠤ ᠭᠠᠯᠲᠤ ᠲᠡᠷᠭᠡ +︾ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠡᠭᠦᠳᠴᠦ ᠂ ᠠᠵᠤ | ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠯᠠᠬᠤ ᠥᠷᠢᠰᠦᠯᠳᠦᠭᠡᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠤᠷᠠᠳ ᠨᠡᠷᠡᠮᠵᠢᠲᠦ ︾ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠨᠢᠭᠡᠨᠲᠡ ᠮᠠᠨ ᠤ ᠬᠤᠲᠠ ᠶᠢᠨ ᠭᠠᠳᠠᠭᠠᠳᠤ ᠨᠡᠭᠡᠭᠡᠯᠲᠡ ᠶᠢᠨ ︽ᠬᠤᠷᠳᠤᠳᠬᠠᠭᠤᠷ︾ ᠪᠣᠯᠤᠭᠰᠠᠨ ᠪᠠᠶᠢᠨ᠎ᠠ᠃ | |