ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠳᠤ ᠠᠯᠢ ᠶᠢ ᠨᠢ ᠪᠤᠴᠠᠭᠠᠬᠤ ᠬᠡᠷᠡᠭᠲᠡᠢ ᠪᠤᠢ︖
ᠨᠡᠶᠢᠲᠡᠯᠡᠭᠰᠡᠨ ᠴᠠᠭ᠄
2024/7/30
      ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠠᠵᠤ ᠠᠬᠤᠢ ᠶᠢᠨ ᠶᠠᠪᠤᠯᠴᠠᠭ᠎ᠠ ᠨᠢ ᠠᠳᠠᠯᠢ ᠰᠢᠨᠵᠢ ᠴᠢᠨᠠᠷ ᠲᠠᠢ ᠦᠦ︖       ᠣᠶᠢᠷ᠎ᠠ ᠳᠤ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢ ᠵᠣᠭᠤᠰ ᠵᠢᠭᠡᠯᠡᠭᠰᠡᠨ ᠵᠢᠭᠤᠷᠠᠯᠳᠤᠭᠠᠨ ᠤ ᠬᠡᠷᠡᠭ ᠢ ᠰᠢᠭᠦᠨ ᠳᠠᠭᠤᠰᠬᠠᠵᠤ᠂ ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠰᠢᠨᠵᠢ ᠴᠢᠨᠠᠷ ᠤᠨ ᠢᠯᠭᠠᠭ᠎ᠠ ᠲᠠᠢ ᠪᠠᠶᠢᠳᠠᠭ ᠢ ᠮᠠᠭᠠᠳᠯᠠᠨ ᠲᠣᠭᠲᠠᠭᠠᠵᠠᠢ᠂ ᠲᠤᠬᠠᠶᠢᠯᠠᠪᠠᠯ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠪᠡᠯᠡᠭᠯᠡᠨ ᠥᠭᠭᠦᠭᠰᠡᠨ ᠳᠤ ᠲᠣᠭᠠᠴᠠᠭᠳᠠᠵᠤ᠂ ᠸᠢᠴᠠᠲ ᠢᠶᠠᠷ ᠵᠣᠭᠤᠰ ᠶᠠᠪᠤᠭᠤᠯᠬᠤ ᠨᠢ ᠵᠣᠭᠤᠰ ᠵᠢᠭᠡᠯᠡᠭᠰᠡᠨ ᠳᠤ ᠲᠣᠭᠠᠴᠠᠭᠳᠠᠨ᠎ᠠ᠃       ︽ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠬᠡᠳᠦᠶᠢᠪᠡᠷ ᠸᠢᠴᠠᠲ ᠤᠨ ᠵᠥᠭᠡᠯᠡᠨ ᠲᠤᠨᠤᠭ ᠢᠶᠠᠷ ᠳᠠᠮᠵᠢᠭᠤᠯᠤᠨ ᠵᠣᠭᠤᠰ ᠶᠠᠪᠤᠭᠤᠯᠵᠤ ᠪᠠᠶᠢᠭ᠎ᠠ ᠪᠣᠯᠪᠠᠴᠤ ᠸᠢᠴᠠᠲ ᠤᠨ ᠵᠥᠭᠡᠯᠡᠨ ᠲᠤᠨᠤᠭ‌ ᠤᠨ ᠠᠳᠠᠯᠢ ᠪᠤᠰᠤ ᠴᠢᠳᠠᠮᠵᠢ ᠵᠢᠴᠢ ᠰᠢᠨᠵᠢ ᠴᠢᠨᠠᠷ ᠤᠨ ᠲᠠᠯ᠎ᠠ ᠠᠴᠠ ᠵᠣᠭᠤᠰ ᠶᠠᠪᠤᠭᠤᠯᠬᠤ ᠬᠤᠶᠠᠷ ᠵᠦᠢᠯ ᠤᠨ ᠰᠢᠨᠵᠢ ᠴᠢᠨᠠᠷ ᠢ ᠢᠯᠭᠠᠵᠤ ᠮᠠᠭᠠᠳᠯᠠᠨ ᠲᠣᠭᠲᠠᠭᠠᠬᠤ ᠬᠡᠷᠡᠭᠲᠡᠢ︾ ᠭᠡᠵᠦ ᠰᠢᠭᠦᠬᠦ ᠲᠤᠰᠢᠶᠠᠯᠲᠠᠨ ᠬᠡᠯᠡᠭᠰᠡᠨ ᠢᠶᠠᠨ ᠵᠠᠯᠭᠠᠭᠠᠳ᠂ ᠸᠢᠴᠠᠲ ᠤᠨ ᠵᠥᠭᠡᠯᠡᠨ ᠲᠣᠨᠤᠭ ᠨᠢ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ ᠡᠳᠦᠷ ᠲᠤᠲᠤᠮ ᠤᠨ ᠨᠡᠪᠲᠡᠷᠡᠯᠴᠡᠵᠦ ᠰᠣᠯᠢᠯᠴᠠᠬᠤ ᠴᠢᠳᠠᠮᠵᠢ ᠶᠢ ᠪᠦᠷᠢᠯᠳᠦᠭᠦᠯᠦᠭᠰᠡᠨ ᠠᠴᠠ ᠭᠠᠳᠠᠨ᠎ᠠ ᠪᠠᠰᠠ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢ ᠪᠦᠷᠢᠯᠳᠦᠭᠦᠯᠦᠭᠰᠡᠨ ᠪᠠᠶᠢᠳᠠᠭ᠂ ᠭᠡᠲᠡᠯ᠎ᠡ ᠸᠢᠴᠠᠲ ᠤᠨ ᠤᠯᠠᠭᠠᠨ ᠪᠠᠭᠯᠠᠭ᠎ᠠ ᠨᠢ ᠬᠠᠷᠢᠨ ᠸᠢᠴᠠᠲ ᠤᠨ ᠵᠥᠭᠡᠯᠡᠨ ᠲᠣᠨᠤᠭ ᠤᠨ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢᠨ ᠨᠡᠶᠢᠲᠡᠯᠢᠭ ᠢᠯᠡᠷᠡᠯ ᠪᠣᠯᠣᠨ᠎ᠠ᠃ ᠸᠢᠴᠠᠲ ᠤᠨ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠳᠤ ᠬᠠᠮᠤᠭ ᠠᠷᠪᠢᠨ ᠳᠠᠭᠠᠨ 200 ᠲᠥᠭᠦᠷᠢᠭ ᠶᠠᠪᠤᠭᠤᠯᠵᠤ ᠪᠤᠯᠬᠤ ᠪᠥᠭᠡᠳ ᠲᠡᠭᠦᠨ  ᠢ︽ᠤᠯᠠᠭᠠᠨ ᠪᠠᠭᠯᠠᠭ᠎ᠠ︾ ᠭᠡᠳᠡᠭ᠂ ᠮᠠᠨ ᠤ ᠤᠯᠤᠰ ᠤᠨ ᠠᠷᠠᠳ ᠤᠨ ᠵᠠᠩ ᠳᠠᠳᠬᠠᠯ ᠢ ᠦᠨᠳᠦᠰᠦᠯᠡᠨ ︽ᠤᠯᠠᠭᠠᠨ ᠪᠠᠭᠯᠠᠭ᠎ᠠ︾ ᠥᠭᠬᠦ ᠨᠢ ᠡᠩ ᠤᠨ ᠪᠠᠶᠢᠳᠠᠯ ᠳᠣᠣᠷ᠎ᠠ ᠰᠠᠶᠢᠨ ᠳᠤᠷ᠎ᠠ ᠠᠴᠠ ᠪᠠᠨ ᠪᠡᠯᠡᠭᠯᠡᠨ ᠬᠦᠷᠭᠡᠭᠰᠡᠨ ᠢ ᠬᠠᠷᠠᠭᠤᠯᠵᠤ᠂ ᠪᠤᠴᠠᠭᠠᠬᠤ ᠴᠢᠬᠤᠯᠠ ᠦᠭᠡᠢ ᠪᠠᠶᠢᠳᠠᠭ᠃       ᠸᠢᠴᠠᠲ ᠢᠶᠠᠷ ᠵᠣᠭᠤᠰ ᠶᠠᠪᠤᠭᠤᠯᠬᠤ ᠨᠢ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠲᠠᠢ ᠠᠳᠠᠯᠢ ᠦᠭᠡᠢ᠂ ︽ᠪᠡᠯᠡᠭᠯᠡᠨ ᠬᠦᠷᠭᠡᠬᠦ︾ ᠤᠳᠬ᠎ᠠ ᠦᠭᠡᠢ᠂ ᠲᠡᠷᠡ ᠨᠢ ᠵᠥᠪᠬᠡᠨ ᠸᠢᠴᠠᠲ ᠤᠨ ᠵᠥᠭᠡᠯᠡᠨ ᠲᠤᠨᠤᠭ ᠤᠨ ᠵᠣᠭᠤᠰ ᠶᠠᠪᠤᠭᠤᠯᠬᠤ ᠴᠢᠳᠠᠮᠵᠢ᠂ ᠨᠡᠶᠢᠭᠡᠮ ᠤᠨ ᠪᠡᠶᠡᠴᠢ ᠴᠣᠭᠴᠠ ᠶᠢᠨ ᠬᠤᠭᠤᠷᠣᠨᠳᠤ ᠦᠷᠭᠦᠯᠵᠢ ᠬᠡᠷᠡᠭᠯᠡᠳᠡᠭ ᠵᠣᠭᠤᠰ ᠶᠠᠪᠤᠭᠤᠯᠬᠤ ᠠᠷᠭ᠎ᠠ ᠮᠠᠶ᠋ᠢᠭ ᠤᠨ‌ᠨᠢᠭᠡ ᠪᠣᠯᠣᠨ᠎ᠠ᠃ ᠲᠤᠰ ᠬᠡᠷᠡᠭ ᠲᠤ᠂ ᠵᠠᠭᠠᠯᠳᠤᠭᠴᠢ ᠨᠢ ᠸᠢᠴᠠᠲ ᠢᠶᠠᠷ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠠᠷᠢᠴᠠᠭ᠎ᠠ ᠪᠠᠶᠢᠭᠤᠯᠬᠤ ᠪᠠᠷ ᠵᠣᠷᠢᠪᠠ᠂ ᠵᠠᠭᠠᠯᠳᠤᠭᠳᠠᠭᠴᠢ ᠬᠡᠷᠪᠡ ᠵᠣᠭᠤᠰ ᠤᠨ ᠰᠢᠨᠵᠢ ᠴᠢᠨᠠᠷ ᠢ ᠪᠡᠯᠡᠭᠯᠡᠨ ᠬᠦᠷᠭᠡᠭᠰᠡᠨ ᠭᠡᠵᠦ ᠵᠣᠷᠢᠬᠤ ᠳᠤ ᠬᠦᠷᠪᠡᠯ ᠵᠣᠬᠢᠴᠠᠩᠭᠤᠢ ᠭᠡᠷᠡᠴᠢ ᠪᠠᠷᠢᠮᠲᠠ ᠲᠤᠰᠢᠶᠠᠬᠤ ᠴᠢᠬᠤᠯᠠᠲᠠᠢ᠂ ᠡᠰᠡ ᠲᠡᠭᠡᠪᠡᠯ ᠭᠡᠷᠡᠴᠢ ᠪᠠᠷᠢᠮᠲᠠ ᠳᠤᠷᠠᠳᠴᠤ ᠦᠯᠦ ᠪᠤᠯᠬᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠪᠣᠯᠣᠨ᠎ᠠ᠃
ᠢᠷᠡᠯᠲᠡ᠄ ᠠᠷᠠᠳ ᠤᠨ ᠰᠦᠯᠵᠢᠶ᠎ᠡ