ᠮᠠᠨ ᠤ ᠤᠯᠤᠰ ᠤᠨ ᠲᠠᠮᠢᠷᠴᠢᠨ 5 ᠠᠯᠲᠠᠨ ᠮᠧᠳᠠᠯ ᠣᠯᠵᠤ ᠪᠤᠢ
ᠨᠡᠶᠢᠲᠡᠯᠡᠭᠰᠡᠨ ᠴᠠᠭ᠄
2024/7/31
      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 29 ᠤ ᠡᠳᠦᠷ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠷᠡᠭᠲᠡᠢ ᠶᠢᠨ ᠠᠷᠪᠠᠨ ᠮᠧᠲᠷ ᠤᠨ ᠬᠡᠶᠢᠲᠦ ᠶᠠᠪᠠᠭᠠᠨ ᠫᠤᠤ ᠶᠢᠨ ᠰᠢᠢᠳᠪᠦᠷᠢᠲᠦ ᠤᠷᠤᠯᠳᠤᠭᠠᠨ ᠳᠤ ᠮᠠᠨ ᠤ ᠤᠯᠤᠰ ᠤᠨ 19 ᠨᠠᠰᠤᠲᠠᠢ ᠲᠠᠮᠢᠷᠴᠢᠨ ᠱᠧᠩ ᠯᠢ ᠬᠤᠤ ᠠᠯᠲᠠᠨ ᠮᠧᠳᠠᠯ ᠣᠯᠪᠠ᠃ ᠡᠨᠡ ᠪᠣᠯ ᠲᠡᠭᠦᠨ ᠤ ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠣᠯᠣᠭᠰᠠᠨ ᠬᠤᠶᠠᠳᠠᠭᠢ ᠠᠯᠲᠠᠨ ᠮᠧᠳᠠᠯ᠂ ᠮᠥᠨ ᠴᠤ ᠮᠠᠨ ᠤ ᠤᠯᠤᠰ ᠤᠨ ᠲᠥᠯᠥᠭᠡᠯᠡᠭᠴᠢᠳ ᠤᠨ ᠪᠦᠯᠭᠦᠮ ᠤᠨ ᠲᠤᠰ ᠬᠤᠭᠤᠴᠠᠭᠠᠨ ᠤ ᠣᠯᠢᠮᠫᠢᠺ ᠠᠴᠠ ᠣᠯᠣᠭᠰᠠᠨ ᠲᠠᠪᠤᠳᠠᠭᠢ ᠠᠯᠲᠠᠨ ᠮᠧᠳᠠᠯ ᠶᠤᠮ᠃ ᠲᠡᠷᠡ ᠪᠠᠷ ᠪᠠᠰᠠ 10 ᠮᠧᠲᠷ ᠤᠨ ᠬᠡᠶᠢᠲᠦ ᠶᠠᠪᠠᠭᠠᠨ ᠫᠤᠤ ᠶᠢᠨ ᠬᠤᠯᠢᠮᠠᠭ ᠤᠷᠤᠯᠳᠤᠭᠠᠨ ᠳᠤ ᠬᠤᠸᠠᠩ ᠢᠦᠢ ᠲᠢᠩ ᠲᠠᠢ ᠬᠠᠮᠲᠤ ᠪᠠᠷ ᠣᠷᠣᠯᠴᠠᠨ᠂ ᠲᠣᠭᠲᠠᠭᠤᠨ ᠪᠥᠭᠡᠳ ᠭᠤᠶᠢᠳᠠ ᠬᠠᠷᠪᠤᠯᠲᠠ ᠪᠠᠷ ᠮᠠᠨ ᠤ ᠤᠯᠤᠰ ᠤᠨ ᠲᠥᠯᠥᠭᠡᠯᠡᠭᠴᠢᠳ ᠤᠨ ᠪᠦᠯᠭᠦᠮ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠨ ᠤ ᠠᠯᠲᠠᠨ ᠮᠧᠳᠠᠯ ᠢ ᠭᠥᠷᠳᠡᠭᠰᠡᠨ ᠪᠢᠯᠡ᠃

1.png

2.png

      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 27 ᠤ ᠡᠳᠦᠷ᠂ ᠤᠰᠤ ᠬᠠᠷᠠᠶᠢᠯᠲᠠ ᠶᠢᠨ ᠡᠮᠡᠭᠲᠡᠢ ᠶᠢᠨ ᠬᠤᠶᠠᠷ ᠬᠥᠮᠥᠨ ᠤ ᠭᠤᠷᠪᠠᠨ ᠮᠧᠲᠷ ᠤᠨ

ᠬᠠᠪᠲᠠᠰᠤ ᠬᠠᠷᠠᠶᠢᠯᠲᠠ ᠶᠢᠨ ᠰᠢᠢᠳᠪᠦᠷᠢᠲᠦ ᠤᠷᠤᠯᠳᠤᠭᠠᠨ ᠳᠤ ᠮᠠᠨ ᠤ ᠤᠯᠤᠰ ᠤᠨ ᠠᠩᠭᠢ ᠶᠢᠨ ᠴᠧᠨ ᠢ ᠸᠧᠨ᠂ ᠴᠠᠩ ᠶᠠ ᠨᠢ ᠬᠤᠶᠠᠭᠤᠯᠠ ᠮᠠᠨ ᠤ ᠤᠯᠤᠰ ᠤᠨ

ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠬᠤᠶᠠᠳᠠᠭᠢ ᠠᠯᠲᠠᠨ ᠮᠧᠳᠠᠯ ᠤᠨ ᠡᠵᠡᠨ ᠪᠣᠯᠤᠭᠰᠠᠨ ᠶᠤᠮ᠃

3.png

      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 28 ᠤ ᠡᠳᠦᠷ᠂ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠷᠡᠭᠲᠡᠢ ᠶᠢᠨ ᠠᠷᠪᠠᠨ

ᠮᠧᠲᠷ ᠤᠨ ᠬᠡᠶᠢᠲᠦ ᠭᠠᠷ ᠫᠤᠤ ᠶᠢᠨ ᠰᠢᠢᠳᠪᠦᠷᠢᠲᠦ ᠤᠷᠤᠯᠳᠤᠭᠠᠨ ᠳᠤ ᠮᠠᠨ ᠤ ᠤᠯᠤᠰ ᠤᠨ ᠲᠠᠮᠢᠷᠴᠢᠨ ᠰᠢᠶᠧ ᠢᠦᠢ ᠠᠯᠲᠠᠨ ᠮᠧᠳᠠᠯ ᠣᠯᠵᠤ᠂ ᠮᠠᠨ ᠤ ᠤᠯᠤᠰ ᠤᠨ

ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠭᠤᠷᠪᠠᠳᠠᠭᠢ ᠠᠯᠲᠠᠨ ᠮᠧᠳᠠᠯ ᠢ ᠠᠪᠴᠢᠷᠠᠵᠠᠢ᠃

4.png

      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 29 ᠤ ᠡᠳᠦᠷ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠰᠤ ᠬᠠᠷᠠᠶᠢᠯᠲᠠ ᠶᠢᠨ

ᠤᠷᠤᠯᠳᠤᠭᠠᠨ ᠳᠤ ᠮᠠᠨ ᠤ ᠤᠯᠤᠰ ᠤᠨ ᠠᠩᠭᠢ ᠶᠢᠨ ᠵᠢᠶᠦ᠋ᠨ ᠵᠢᠶᠧ᠂ ᠶᠠᠩ ᠬᠤᠤ ᠬᠤᠶᠠᠭᠤᠯᠠ ᠤᠰᠤᠨ ᠳᠤ ᠬᠠᠷᠠᠶᠢᠬᠤ ᠡᠷᠡᠭᠲᠡᠢ ᠶᠢᠨ ᠬᠤᠶᠠᠷ ᠬᠥᠮᠥᠨ ᠤ ᠠᠷᠪᠠᠨ

ᠮᠧᠲᠷ ᠤᠨ ᠲᠠᠪᠴᠠᠩ ᠳᠤ ᠮᠠᠩᠯᠠᠶᠢᠯᠠᠪᠠ᠃ ᠡᠨᠡ ᠪᠣᠯ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠳᠥᠷᠪᠡᠳᠡᠬᠢ ᠠᠯᠲᠠᠨ

ᠮᠧᠳᠠᠯ ᠪᠣᠯᠣᠨ᠎ᠠ᠃

5.png

      ᠢᠩᠭᠢᠭᠡᠳ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠤᠳᠤ

ᠪᠤᠯᠲᠠᠯ᠎ᠠ 5 ᠠᠯᠲᠠᠨ ᠮᠧᠳᠠᠯ ᠭᠦᠷᠲᠡᠭᠡᠳ ᠪᠤᠢ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ