ᠳᠤᠮᠳᠠᠳᠤ ᠤᠯᠤᠰ ᠤᠨ ᠫᠤᠤᠳᠠᠯᠭ᠎ᠠ ᠶᠢᠨ ︽ᠠᠩᠬᠠᠳᠠᠭᠴᠢ ᠠᠯᠲᠠᠨ ᠮᠧᠳᠠᠯ ᠢ ᠰᠢᠭᠦᠷᠭᠦ ᠤᠯᠠᠮᠵᠢᠯᠠᠯ︾ ᠢ ᠪᠠᠳᠠᠷᠠᠭᠤᠯᠵᠤ ᠬᠤᠸᠠᠩ ᠢᠦᠢ ᠲᠢᠩ ᠱᠧᠩ ᠯᠢ ᠬᠤᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠳᠠᠭᠴᠢ ᠠᠯᠳᠠᠨ ᠮᠧᠳᠠᠯ ᠢ ᠰᠢᠭᠦᠷᠪᠡ
ᠨᠡᠶᠢᠲᠡᠯᠡᠭᠰᠡᠨ ᠴᠠᠭ᠄
2024/7/31
      27 ᠤ ᠡᠳᠦᠷ ᠶᠠᠪᠤᠭᠳᠠᠭᠰᠠᠨ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠫᠤᠤᠳᠠᠯᠭ᠎ᠠ ᠶᠢᠨ 10 ᠮᠧᠲᠷ ᠤᠨ ᠬᠡᠶᠢᠲᠦ ᠶᠠᠪᠠᠭᠠᠨ ᠫᠤᠤ ᠶᠢᠨ ᠬᠤᠯᠢᠮᠠᠭ ᠨᠢᠭᠡᠴᠢ ᠶᠢᠨ ᠲᠥᠷᠥᠯ ᠵᠦᠢᠯ ᠳᠤ᠂ ᠳᠤᠮᠳᠠᠳᠤ ᠤᠯᠤᠰ ᠤᠨ ᠲᠠᠮᠢᠷᠴᠢᠨ ᠤ ᠳᠤᠭᠤᠶᠢᠯᠠᠩ ᠬᠤᠸᠠᠩ ᠢᠦᠢ ᠲᠢᠩ \ ᠱᠧᠩ ᠯᠢ ᠬᠤᠤ 16᠄ 12 ᠢᠶᠠᠷ ᠺᠤᠷᠢᠶᠠ ᠶᠢᠨ ᠠᠩᠭᠢ ᠶᠢᠨ ᠶᠢᠨ ᡁᠢ ᠰᠢᠶᠠᠨ \ ᠫᠢᠶᠣᠣ ᠱᠢ ᠵᠢᠶᠦ᠋ᠨ ᠢ ᠢᠯᠠᠵᠤ᠂ ᠲᠣᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠳᠠᠭᠴᠢ ᠠᠯᠲᠠᠨ ᠮᠧᠳᠠᠯ ᠢ ᠲᠤᠰᠴᠤ᠂ ᠳᠤᠮᠳᠠᠳᠤ ᠤᠯᠤᠰ ᠤᠨ ᠫᠤᠤᠳᠠᠯᠭ᠎ᠠ ᠶᠢᠨ ᠠᠩᠭᠢ ᠶᠢᠨ 40 ᠵᠢᠯ ᠤᠨ ᠲᠤᠷᠰᠢᠬᠢ ︽ᠠᠩᠬᠠᠳᠠᠭᠴᠢ ᠠᠯᠲᠠᠨ ᠮᠧᠳᠠᠯ ᠢ ᠰᠢᠭᠦᠷᠭᠦ ᠤᠯᠠᠮᠵᠢᠯᠠᠯ︾ ᠢ ᠳᠠᠬᠢᠨᠲᠠ ᠪᠠᠳᠠᠷᠠᠭᠤᠯᠪᠠ᠃

6385778476406163234817618.png

      7  ᠰᠠᠷ᠎ᠠ ᠶᠢᠨ 27 ᠤ ᠡᠳᠦᠷ᠂ ᠣᠯᠢᠮᠫᠢᠺ ᠤᠨ ᠮᠠᠩᠯᠠᠢ ᠰᠢᠭᠦᠷᠦᠭᠰᠡᠨ ᠳᠤᠮᠳᠠᠳᠤ ᠤᠯᠤᠰ ᠤᠨ ᠲᠠᠮᠢᠷᠴᠢᠨ ᠬᠤᠸᠠᠩ ᠢᠦᠢ ᠲᠢᠩ ︵ᠵᠡᠭᠦᠨᠳᠡᠬᠢ︶ \ ᠱᠧᠩ

ᠯᠢ ᠬᠤᠤ ᠱᠠᠩᠨᠠᠯ ᠣᠯᠭᠤᠬᠤ ᠶᠣᠰᠣᠯᠠᠯ ᠳᠡᠭᠡᠷ᠎ᠡ  ᠪᠠᠶᠢᠭ᠎ᠠ ᠨᠢ᠃

      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠬᠤᠸᠠᠨ ᠽᠥᠩ  ᠰᠡᠭᠦᠳᠡᠷᠯᠡᠪᠡ

      ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨ᠎ᠡ᠂ ᠬᠤᠸᠠᠩ ᠢᠦᠢ ᠲᠢᠩ ᠪᠣᠯᠣᠨ ᠱᠧᠩ ᠯᠢ ᠬᠤᠤ ᠶᠢᠨ ᠳᠤᠭᠤᠶᠢᠯᠠᠩ ᠨᠢ ᠡᠯ᠎ᠡ ᠵᠦᠢᠯ ᠤᠨ

ᠤᠷᠤᠯᠳᠤᠭᠠᠨ ᠳᠤ ᠬᠠᠨᠳᠤᠭᠰᠠᠨ ᠵᠦᠭ ᠲᠤ ᠳᠠᠶᠢᠰᠤᠨ ᠦᠭᠡᠢ ᠪᠠᠶᠢᠪᠠ᠃ ᠲᠡᠳᠡ ᠬᠤᠶᠠᠭᠤᠯᠠ 2023 ᠣᠨ ᠤ ᠫᠤᠤᠳᠠᠯᠭ᠎ᠠ ᠶᠢᠨ ᠳᠡᠯᠡᠬᠡᠢ ᠶᠢᠨ ᠮᠠᠩᠯᠠᠢ

ᠰᠢᠯᠭᠠᠷᠠᠭᠤᠯᠬᠤ ᠤᠷᠤᠯᠳᠤᠭᠠᠨ ᠤ ᠠᠯᠲᠠᠨ ᠮᠧᠳᠠᠯ ᠢ ᠣᠯᠵᠤ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠡᠭᠡᠷ᠎ᠡ ᠠᠮᠵᠢᠯᠲᠠ ᠲᠠᠢ ᠪᠠᠷ ᠮᠠᠩᠯᠠᠶᠢᠯᠠᠪᠠ᠃

2024 ᠣᠨ ᠤ ᠬᠤᠶᠠᠷ ᠥᠷᠲᠡᠭᠡᠨ ᠤ  ᠫᠤᠤᠳᠠᠯᠭ᠎ᠠ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ᠳᠤ ᠲᠡᠳᠡ

ᠪᠠᠰᠠ ᠡᠯ᠎ᠡ ᠵᠠᠮ ᠤᠨ ᠰᠠᠶᠢᠨ ᠫᠤᠤᠳᠠᠭᠴᠢ ᠶᠢ ᠵᠠᠯᠭᠠᠭ᠎ᠠ ᠪᠠᠷ ᠢᠯᠠᠵᠤ᠂ ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠲᠤᠰ ᠵᠦᠢᠯ ᠤᠨ

ᠬᠠᠮᠤᠭ ᠤᠨ ᠶᠡᠭᠡ ᠮᠠᠩᠯᠠᠶᠢᠯᠠᠬᠤ  ᠬᠠᠯᠠᠮᠰᠢᠯ  ᠪᠣᠯᠤᠭᠰᠠᠨ ᠪᠠᠶᠢᠨ᠎ᠠ᠃

      ᠤᠷᠤᠯᠳᠤᠭᠠᠨ ᠱᠠᠲ᠋ᠦᠸᠧᠯᠦ ᠬᠠᠷᠪᠤᠯᠲᠠ ᠶᠢᠨ ᠲᠥᠪ ᠲᠤ ᠶᠠᠪᠤᠭᠳᠠᠵᠤ᠂ ᠬᠢᠷᠢ ᠭᠡᠮ ᠤᠨ ᠤᠷᠤᠯᠳᠤᠭᠠᠨ ᠦᠳᠡ ᠶᠢᠨ ᠡᠮᠦᠨᠡᠬᠢ 9 ᠴᠠᠭ ᠠᠴᠠ ᠡᠬᠢᠯᠡᠪᠡ᠃

ᠲᠣᠰ ᠲᠣᠰ 30 ᠫᠤᠤ ᠬᠠᠷᠪᠤᠭᠰᠠᠨ ᠤ ᠳᠠᠷᠠᠭ᠎ᠠ᠂ ᠬᠤᠸᠠᠩ ᠢᠦᠢ ᠲᠢᠩ ᠪᠣᠯᠣᠨ ᠱᠧᠩ ᠯᠢ ᠬᠤᠤ 632.2 ᠴᠠᠭᠠᠷᠢᠭ ᠤᠨ ᠶᠡᠷᠦᠩᠬᠡᠢ ᠬᠢᠷᠢ ᠪᠦᠲᠦᠮᠵᠢ ᠣᠯᠵᠤ᠂

ᠨᠢᠭᠡᠳᠦᠭᠡᠷ ᠲᠤ ᠵᠢᠭᠰᠠᠭᠠᠭᠳᠠᠵᠤ᠂ ᠠᠯᠲᠠᠨ ᠮᠧᠳᠠᠯ ᠤᠨ ᠤᠷᠤᠯᠳᠤᠭᠠᠨ ᠳᠤ ᠤᠷᠤᠭᠰᠢᠲᠠᠢ ᠣᠷᠣᠪᠠ᠃

      ᠠᠯᠲᠠᠨ ᠮᠧᠳᠠᠯ ᠤᠨ ᠤᠷᠤᠯᠳᠤᠭᠠᠨ ᠳᠤ ᠬᠤᠸᠠᠩ ᠢᠦᠢ ᠲᠢᠩ \ ᠱᠧᠩ ᠯᠢ ᠬᠤᠣ ᠡᠬᠢᠯᠡᠭᠡᠳ ᠤᠷᠤᠭᠰᠢ ᠦᠭᠡᠢ ᠪᠠᠶᠢᠵᠤ᠂ ᠨᠢᠭᠡᠳᠦᠭᠡᠷ ᠡᠭᠡᠯᠵᠢ ᠳᠤ 0᠄

2 ᠢᠶᠠᠷ ᠢᠯᠠᠭᠳᠠᠪᠠ᠃ ᠰᠠᠨᠠᠭᠠᠴᠢᠯᠠᠭᠠᠲᠤ ᠪᠤᠰᠤ ᠪᠠᠶᠢᠳᠠᠯ ᠳᠣᠣᠷ᠎ᠠ ᠳᠤᠮᠳᠠᠳᠤ ᠤᠯᠤᠰ ᠤᠨ  ᠲᠠᠮᠢᠷᠴᠢᠨ ᠲᠦᠷᠭᠡᠨ ᠢᠶᠠᠷ ᠲᠣᠬᠢᠷᠠᠭᠤᠯᠤᠯᠲᠠ ᠬᠢᠵᠦ᠂ ᠭᠤᠷᠪᠠᠨ ᠡᠭᠡᠯᠵᠢ

ᠳᠠᠷᠠᠭᠠᠯᠠᠨ 6᠄ 2 ᠢᠶᠠᠷ ᠭᠡᠳᠡᠷᠭᠦ ᠪᠠᠨ ᠳᠠᠪᠠᠵᠤ ᠭᠠᠷᠪᠠ᠃ ᠵᠠᠯᠠᠭᠠᠭᠠᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠥᠷᠢᠰᠦᠯᠳᠦᠭᠴᠢ ᠡᠲᠡᠭᠡᠳ ᠠᠴᠠ ᠪᠠᠨ ᠴᠢᠩᠭ᠎ᠠ

ᠳᠤᠮᠳᠠᠳᠤ ᠤᠯᠤᠰ ᠤᠨ ᠲᠠᠮᠢᠷᠴᠢᠨ ᠤ ᠳᠤᠭᠤᠶᠢᠯᠠᠩ ᠲᠣᠭᠲᠠᠭᠤᠨ ᠢᠶᠠᠷ ᠤᠷᠤᠭᠰᠢᠯᠠᠵᠤ᠂ ᠦᠷᠭᠦᠯᠵᠢᠯᠡᠨ ᠴᠢᠷᠮᠠᠶᠢᠵᠤ ᠡᠵᠡᠯᠡᠬᠦ ᠬᠤᠪᠢ ᠪᠠᠨ 14᠄ 8 ᠪᠣᠯᠭᠠᠨ

ᠥᠷᠭᠡᠳᠬᠡᠵᠦ᠂ ᠤᠷᠢᠳ ᠢᠶᠠᠷ ᠤᠷᠤᠯᠳᠤᠭᠠᠨ ᠤ ᠢᠯᠠᠯᠲᠠ ᠶᠢᠨ ᠴᠡᠭ ᠲᠤ ᠭᠦᠷᠪᠡ᠃ ᠮᠣᠬᠤᠷᠳᠠᠯᠲᠤ ᠠᠬᠤᠢ ᠪᠠᠶᠢᠳᠠᠯ ᠤᠨ ᠡᠮᠦᠨ᠎ᠡ᠂ᠺᠤᠷᠢᠶᠠ ᠶᠢᠨ ᠲᠠᠮᠢᠷᠴᠢᠨ ᠤ

ᠳᠤᠭᠤᠶᠢᠯᠠᠩ ᠬᠠᠲᠠᠭᠤ ᠰᠢᠷᠭᠠᠭᠤ ᠨᠠᠮᠵᠢᠭᠤᠨ ᠲᠠᠶᠢᠪᠤᠭᠤ ᠪᠠᠶᠢᠵᠤ᠂ ᠦᠷᠭᠦᠯᠵᠢᠯᠡᠨ ᠴᠢᠷᠮᠠᠶᠢᠵᠤ 12᠄ 14 ᠪᠣᠯᠪᠠ᠃ ᠵᠠᠩᠭᠢᠯᠠᠭ᠎ᠠ ᠶᠢᠨ ᠦᠶ᠎ᠡ ᠳᠤ᠂ ᠳᠤᠮᠳᠠᠳᠤ

ᠤᠯᠤᠰ ᠤᠨ ᠲᠠᠮᠢᠷᠴᠢᠨ ᠤ ᠳᠤᠭᠤᠶᠢᠯᠠᠩ ᠳᠠᠭᠢᠨ ᠵᠥᠭᠡᠯᠡᠨ ᠢᠶᠠᠷ ᠬᠠᠨᠳᠤᠨ ᠨᠠᠶᠢᠷ ᠲᠠᠯᠪᠢᠭᠰᠠᠨ ᠦᠭᠡᠢ᠂ 21.5 ᠴᠠᠭᠠᠷᠢᠭ ᠫᠤᠤᠳᠠᠵᠤ᠂ ᠥᠷᠢᠰᠦᠯᠳᠦᠭᠴᠢ

ᠡᠲᠡᠭᠡᠳ ᠤᠨ ᠢᠶᠠᠨ 21.1 ᠴᠠᠭᠠᠷᠢᠭ ᠤᠨ ᠬᠢᠷᠢ ᠪᠦᠲᠦᠮᠵᠢ ᠶᠢ ᠬᠦᠴᠦᠲᠡᠢ ᠳᠠᠷᠤᠵᠤ᠂ ᠤᠷᠤᠯᠳᠤᠭᠠᠨ ᠤ ᠬᠤᠪᠢ ᠶᠢ 16᠄ 12 ᠪᠣᠯᠭᠠᠵᠠᠢ᠃

      ᠬᠤᠪᠢ ᠬᠥᠮᠥᠨ ᠤ ᠠᠩᠬᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠢ ᠣᠯᠣᠭᠰᠠᠨ ᠤ ᠳᠠᠷᠠᠭ᠎ᠠ᠂ ᠤᠳᠠᠯ ᠦᠭᠡᠢ 18 ᠨᠠᠰᠤᠨ ᠤ

ᠲᠥᠷᠥᠭᠰᠡᠨ ᠡᠳᠦᠷ ᠤᠨ ᠪᠠᠶᠠᠷ ᠢᠶᠠᠨ ᠤᠭᠲᠤᠬᠤ ᠭᠡᠵᠦ ᠪᠠᠶᠢᠭ᠎ᠠ ᠬᠤᠸᠠᠩ ᠢᠦᠢ ᠲᠢᠩ᠄ ︽ᠡᠨᠡ ᠱᠠᠩᠨᠠᠯ ᠤᠨ ᠮᠧᠳᠠᠯ ᠪᠣᠯ ᠮᠢᠨᠤ ᠮᠠᠰᠢ ᠤᠷᠲᠤ ᠬᠤᠭᠤᠴᠠᠭ᠎ᠠ

ᠤᠷᠤᠯᠳᠤᠭᠠᠨ ᠳᠤ ᠪᠡᠯᠡᠳᠬᠡᠭᠰᠡᠨ ᠠᠮᠢᠳᠤᠷᠠᠯ ᠤᠨ ᠨᠢᠭᠡ ᠦᠷ᠎ᠡ ᠳ᠋ᠦᠩ ᠮᠥᠨ᠂ ᠶᠠᠷᠢᠶᠠᠨ ᠦᠭᠡᠢ ᠪᠠᠰᠠ ᠨᠢᠭᠡᠨ ᠰᠢᠨ᠎ᠡ ᠭᠠᠷᠤᠭ᠎ᠠ ᠪᠣᠯᠣᠨ᠎ᠠ᠃ ᠤᠳᠠᠯ ᠦᠭᠡᠢ 18

ᠨᠠᠰᠤ ᠬᠦᠷᠬᠦ ᠭᠡᠵᠦ ᠪᠤᠢ᠂ ᠥᠪᠡᠷ ᠢ ᠪᠠᠨ ᠮᠥᠨ ᠯᠡ ᠤᠭ ᠰᠠᠨᠠᠭ᠎ᠠ ᠪᠠᠨ ᠦᠯᠦ ᠮᠠᠷᠲᠠᠵᠤ᠂ ᠥᠪᠡᠷ ᠤᠨ ᠶᠠᠪᠤᠳᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂

ᠡᠳᠦᠷ ᠪᠦᠷᠢ ᠶᠢᠨ ᠪᠣᠯᠪᠠᠰᠤᠷᠠᠯ ᠢᠶᠠᠨ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠢᠯᠡᠳᠬᠡᠪᠡ᠃

      ᠱᠧᠩ ᠯᠢ ᠬᠤᠤ ᠪᠣᠯ ᠬᠤᠶᠠᠳᠠᠭᠢ ᠤᠳᠠᠭ᠎ᠠ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠵᠤ ᠪᠠᠶᠢᠭ᠎ᠠ ᠶᠤᠮ᠃ ᠲᠣᠣᠺᠢᠤ᠋ ᠶᠢᠨ ᠣᠯᠢᠮᠫᠢᠺ ᠤᠨ

ᠲᠠᠮᠢᠷ ᠤᠨ ᠴᠤᠭᠯᠠᠭᠠᠨ ᠳᠡᠭᠡᠷ᠎ᠡ᠂ ᠲᠡᠷᠡ ᠡᠷᠡᠭᠲᠡᠢ ᠶᠢᠨ 10 ᠮᠧᠲᠷ ᠤᠨ ᠬᠡᠶᠢᠲᠦ ᠶᠠᠪᠠᠭᠠᠨ ᠫᠤᠤ ᠶᠢᠨ ᠬᠤᠪᠢ ᠬᠥᠮᠥᠨ ᠤ ᠤᠷᠤᠯᠳᠤᠭᠠᠨ ᠤ ᠵᠦᠢᠯ ᠤᠨ ᠮᠥᠩᠭᠦᠨ

ᠮᠧᠳᠠᠯ ᠢ ᠣᠯᠵᠤ᠂ 16 ᠨᠠᠰᠤᠲᠠᠢ ᠳᠠᠭᠠᠨ ᠣᠯᠢᠮᠫᠢᠺ ᠤᠨ ᠲᠠᠮᠢᠷ ᠤᠨ ᠴᠤᠭᠯᠠᠭᠠᠨ ᠤ ᠫᠤᠤᠳᠠᠯᠭ᠎ᠠ ᠶᠢᠨ ᠵᠦᠢᠯ ᠤᠨ ᠲᠡᠦᠬᠡᠨ ᠳᠡᠭᠡᠷᠡᠬᠢ ᠬᠠᠮᠤᠭ ᠤᠨ ᠵᠠᠯᠠᠭᠤ

ᠱᠠᠩᠨᠠᠯ ᠤᠨ ᠮᠧᠳᠠᠯ ᠭᠦᠷᠲᠡᠭᠴᠢ ᠪᠣᠯᠤᠭᠰᠠᠨ ᠪᠠᠶᠢᠨ᠎ᠠ᠃ ᠣᠳᠣ ᠲᠡᠷᠡ ᠫᠠᠷᠢᠰ ᠲᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠨ ᠤ ᠠᠯᠲᠠᠨ ᠮᠧᠳᠠᠯ ᠢ ᠣᠯᠪᠠ᠃

      40 ᠵᠢᠯ ᠤᠨ ᠡᠮᠦᠨ᠎ᠡ᠂ ᠯᠤᠰ ᠠᠩᠵᠧᠯᠧᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠡᠷᠡᠭᠲᠡᠢ ᠭᠠᠷ ᠫᠤᠤ ᠶᠢᠨ ᠲᠠᠮᠢᠷᠴᠢᠨ ᠰᠢᠦᠢ ᠬᠠᠢ ᠹᠧᠩ

ᠳᠤᠮᠳᠠᠳᠤ ᠤᠯᠤᠰ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠯᠲᠠᠨ ᠮᠧᠳᠠᠯ ᠣᠯᠣᠭᠠᠳᠤᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠡᠭᠦᠨ ᠠᠴᠠ ᠰᠡᠭᠦᠯᠡᠷ᠂

ᠡᠮᠡᠭᠲᠡᠢ ᠶᠠᠪᠠᠭᠠᠨ ᠫᠤᠤ ᠶᠢᠨ ᠲᠠᠮᠢᠷᠴᠢᠨ ᠳ᠋ᠦ᠋ ᠯᠢ᠂ ᠢ ᠰᠧ ᠯᠢᠩ ᠪᠣᠯᠣᠨ ᠶᠠᠩ ᠴᠢᠶᠠᠨ ᠤᠷᠢᠳ ᠬᠤᠵᠢᠳ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠨ ᠤ

ᠠᠯᠲᠠᠨ ᠮᠧᠳᠠᠯ ᠢ ᠣᠯᠵᠤ ᠥᠩᠭᠡᠷᠡᠵᠡᠢ᠃

      ᠫᠤᠤᠳᠠᠯᠭ᠎ᠠ ᠶᠢᠨ ᠠᠩᠭᠢ ᠶᠢᠨ ︽ᠠᠩᠬᠠᠳᠠᠭᠴᠢ ᠠᠯᠲᠠᠨ ᠮᠧᠳᠠᠯ ᠢ ᠰᠢᠭᠦᠷᠭᠦ ᠤᠯᠠᠮᠵᠢᠯᠠᠯ︾ ᠤᠨ ᠲᠤᠬᠠᠢ᠂ ᠤᠯᠤᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ

ᠶᠡᠷᠦᠩᠬᠡᠢ ᠲᠣᠪᠴᠢᠶ᠎ᠠ ᠶᠢᠨ ᠫᠤᠤᠳᠠᠯᠭ᠎ᠠ ᠰᠤᠷ ᠬᠠᠷᠪᠤᠯᠲᠠ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠳᠡᠳ᠋ ᠡᠷᠭᠢᠯᠡᠭᠴᠢ ᠸᠠᠩ ᠯᠢᠶᠠᠨ᠄ ︽ᠪᠢᠳᠡ ᠣᠳᠣ

ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠤᠨ ᠲᠤᠬᠠᠢ ᠲᠥᠷᠥᠭᠳᠡᠯ ᠬᠡᠳᠦᠨ ᠠᠷᠪᠠᠨ ᠵᠢᠯ ᠤᠨ ᠡᠮᠦᠨᠡᠬᠢ ᠲᠠᠢ ᠠᠳᠠᠯᠢ ᠦᠭᠡᠢ ᠪᠣᠯᠵᠠᠢ᠂ ᠡᠨᠡ ᠪᠣᠯ

ᠮᠠᠨ ᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠮᠥᠨ᠃ ᠳᠤᠮᠳᠠᠳᠤ ᠤᠯᠤᠰ ᠤᠨ ᠫᠤᠤᠳᠠᠯᠭ᠎ᠠ ᠶᠢᠨ ᠲᠠᠮᠢᠷᠴᠢᠳ ᠤᠨ ᠥᠨᠥᠳᠥᠷ ᠤᠨ ᠰᠢᠭ ᠡᠶᠢᠮᠦ

ᠢᠲᠡᠭᠡᠯ ᠵᠣᠷᠢᠭ ᠪᠠ ᠠᠭᠤᠳᠠᠮ ᠪᠠᠭᠲᠠᠭᠠᠮᠵᠢ ᠶᠢ ᠮᠥᠨ ᠴᠦ ᠰᠢᠨ᠎ᠡ ᠴᠠᠭ ᠦᠶ᠎ᠡ ᠠᠴᠠ ᠲᠡᠳᠡᠨ ᠳᠤ ᠣᠯᠭᠤᠭᠰᠠᠨ ᠶᠤᠮ︾ ᠭᠡᠵᠦ ᠢᠯᠡᠳᠬᠡᠪᠡ᠃

      ᠲᠤᠰ ᠲᠠᠯᠠᠪᠤᠷ ᠤᠨ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠬᠤᠸᠠᠩ ᠢᠦᠢ ᠲᠢᠩ ᠪᠣᠯᠣᠨ ᠱᠧᠩ ᠯᠢ ᠬᠤᠤ ᠪᠠᠰᠠ ᠬᠤᠪᠢ ᠬᠥᠮᠥᠨ ᠤ

ᠤᠷᠤᠯᠳᠤᠭᠠᠨ ᠤ ᠲᠦᠷᠦᠯ ᠳᠤ ᠣᠷᠤᠯᠴᠠᠬᠤ ᠪᠣᠯᠣᠨ᠎ᠠ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ