ᠠᠴᠢᠲᠤ ᠦᠶᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 70 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/7/4
      6 ᠰᠠᠷ᠎ᠠ ᠶᠢᠨ 27  ᠤ ᠡᠳᠦᠷ᠂ ᠬᠤᠲᠠ ᠶᠢᠨ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 70 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠤᠳᠤᠷᠢᠳᠤᠯᠭ᠎ᠠ ᠵᠠᠩ ᠢᠦᠢ᠂ ᠵᠠᠩ ᠷᠧᠨ ᠷᠠᠨ᠂ ᠯᠢ ᠳ᠋ᠦᠩ᠂ ᠤᠶᠤᠨᠳᠠᠯᠠᠢ᠂ ᠬᠤᠤ ᠶᠣᠣ ᠹᠧᠨ᠂ ᠭᠦᠸᠧ ᠯᠢᠶᠠᠨ ᠶᠤᠸᠠᠢ᠂ ᠯᠢᠦ ᠬᠤᠩ ᠬᠤᠤ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶ᠋ᠧ ᠹᠧᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠠᠭᠤᠯᠤᠭᠳᠠᠬᠤᠨ ᠢᠶᠠᠷ ᠡᠯᠪᠡᠭ ᠪᠠᠶᠠᠯᠢᠭ ᠪᠠᠶᠢᠵᠤ᠂ ᠮᠠᠨ ᠤ ᠰᠢᠶᠠᠨ ᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠪᠠ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠯᠢᠳᠡᠭ ᠨᠠᠮ ᠤᠨ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠦᠵᠡᠯ ᠰᠠᠨᠠᠭ᠎ᠠ ᠭᠦᠨ ᠭᠦᠨᠵᠡᠭᠡᠢ᠂ ᠦᠭᠡ ᠦᠨᠡᠨᠴᠢ ᠰᠡᠳᠬᠢᠯᠭᠡ ᠭᠦᠨ ᠪᠠᠶᠢᠵᠤ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠬᠦᠷᠢᠶᠡᠨ ᠤ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠳᠤᠲᠠᠭᠤᠳᠠᠯ ᠪᠠᠭᠤᠷᠠᠢ ᠲᠠᠯ᠎ᠠ ᠶᠢ ᠪᠦᠲᠦᠮᠵᠢᠲᠡᠶ ᠨᠥᠬᠦᠪᠦᠷᠢᠯᠡᠵᠦ᠂ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠋ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠰᠢᠨ᠎ᠡ ᠴᠠᠭ ᠦᠶ᠎ᠡ ᠶᠢᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠋ ᠤᠨ ᠴᠢᠨᠠᠷ ᠰᠠᠶᠢᠲᠠᠢ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠤᠯᠤᠰ ᠤᠨ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠠ ᠲᠣᠬᠢᠶᠠᠯ ᠢ ᠠᠮᠵᠢᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾  ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠵᠠᠮ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠲᠣᠭᠲᠠᠴᠠ ᠪᠣᠯᠣᠨ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠣᠨ ᠠᠵᠤ ᠦᠢᠯᠡᠰ᠂ ᠵᠢᠭᠤᠯᠴᠢᠯᠠᠯ᠂ ᠰᠣᠶᠣᠯ ᠵᠡᠷᠭᠡ ᠶᠢᠨ ᠠᠭᠤᠰᠤᠯᠴᠠᠨ ᠬᠥᠭᠵᠢᠬᠦ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠳ ᠣᠯᠠᠨ ᠤ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ᠂ ᠬᠥᠭᠵᠢᠯ ᠮᠠᠨᠳᠤᠯ ᠤᠨ ᠵᠠᠮ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ ᠪᠤᠳᠤᠯ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠢ ᠢᠳᠡᠪᠬᠢᠲᠡᠢ ᠥᠷᠨᠢᠭᠦᠯᠵᠦ᠂ ᠦᠷ᠎ᠡ ᠪᠣᠶᠢᠵᠢᠭᠤᠯᠬᠤ᠂ ᠲᠠᠷᠢᠶᠠᠯᠠᠩ ᠤᠨ ᠦᠢᠯᠡᠳᠪᠦᠷᠢᠯᠡᠯ᠂ ᠲᠣᠨᠣᠭᠯᠠᠯ ᠦᠢᠯᠡᠳᠬᠦ ᠵᠡᠷᠭᠡ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠬᠦᠷᠢᠶ᠎ᠡ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠣᠳᠣᠬᠢᠴᠢᠯᠠᠭᠰᠠᠨ ᠦᠶᠤᠸᠠᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠮᠠᠨ ᠤ ᠰᠢᠶᠠᠨ ᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠂ ᠪᠢᠳᠡ ᠨᠠᠩ ᠥᠨᠳᠥᠷ ᠵᠣᠭᠰᠣᠴᠠ ᠠᠴᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠨᠠᠩ ᠴᠢᠩᠭ᠎ᠠ ᠠᠷᠭ᠎ᠠ ᠬᠡᠮᠵᠢᠶ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠨᠠᠩ ᠴᠢᠩᠭ᠎ᠠ ᠬᠠᠮᠲᠤᠷᠠᠯ ᠬᠦᠴᠦᠨ ᠢᠶᠠᠷ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠪᠠᠬᠢᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠬᠦᠷᠢᠶᠡᠨ ᠤ ᠡᠯ᠎ᠡ ᠵᠦᠢᠯ ᠤᠨ ᠳᠦᠷᠢᠮ ᠪᠠ ᠬᠠᠮᠢᠶᠠᠷᠤᠯᠲᠠ ᠶᠢᠨ ᠠᠷᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠮᠠᠨ ᠤ ᠰᠢᠶᠠᠨ ᠤ ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ︽ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾  ᠢ ᠤᠯᠠᠮᠵᠢᠯᠠᠨ ᠰᠤᠷᠤᠯᠴᠠᠪᠠ︔ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠰᠣᠨᠣᠰᠪᠠ︔ ᠪᠦᠬᠦ ᠣᠷᠣᠨ ᠤ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠪᠦᠬᠦ ᠰᠢᠶᠠᠨ ᠤ 2024 ᠣᠨ ᠳᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠨᠡᠷᠡᠶᠢᠳᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ