ᠦᠶᠤᠸᠠᠨ ᠰᠢᠶᠠᠨ ᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠵᠢᠴᠢ ᠨᠠᠮ ᠤᠨ ᠪᠠᠶᠢᠭᠤᠯᠤᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 1  ᠤ ᠡᠳᠦᠷ᠂ ᠮᠠᠨ ᠤ ᠰᠢᠶᠠᠨ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠵᠢᠴᠢ ᠨᠠᠮ ᠤᠨ ᠪᠠᠶᠢᠭᠤᠯᠤᠯᠲᠠ ᠶᠢᠨ ᠶᠡᠭᠡ ᠬᠤᠷᠠᠯ ᠬᠤᠷᠠᠯᠳᠤᠵᠦ ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠶ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ  ᠪᠠ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠢᠦᠢ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠪᠥᠬᠦ ᠰᠢᠶᠠᠨ ᠤ 40 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ 25 ᠰᠢᠯᠢᠳᠡᠭ ᠨᠠᠮ ᠤᠨ ᠠᠵᠢᠯᠲᠠᠨ᠂ 35 ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠ 17 ᠨᠡᠷᠡᠰ 2023 ᠣᠨ ᠤ ᠪᠣᠳᠠᠲᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ︽ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠬᠦ︾ ᠬᠥᠮᠥᠰ ᠲᠤ ᠱᠠᠩᠨᠠᠯ ᠤᠨ ᠮᠧᠳᠠᠯ ᠪᠠ ᠦᠨᠡᠮᠯᠡᠯ ᠣᠯᠭᠤᠪᠠ᠃ ᠠᠴᠢᠲᠤ᠂ ᠸᠠᠩ ᠶᠦᠩ ᠨᠠᠮ ᠳᠤ ᠣᠷᠣᠭᠠᠳ 50 ᠵᠢᠯ ᠪᠣᠯᠤᠭᠰᠠᠨ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠳᠤ ︽ ᠨᠠᠮ ᠳᠠᠭᠠᠨ 50 ᠵᠢᠯ ᠠᠵᠢᠯᠯᠠᠭᠰᠠᠨ ᠢᠷᠠᠭᠤ ᠠᠯᠳᠠᠷᠲᠤ︾ ᠳᠤᠷᠠᠰᠬᠠᠯ ᠤᠨ ᠲᠡᠮᠳᠡᠭ ᠭᠠᠷᠳᠠᠭᠤᠯᠪᠠ᠃      ᠠᠴᠢᠲᠤ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠪᠦᠬᠦ ᠰᠢᠶᠠᠨ ᠤ ᠡᠯ᠎ᠡ ᠬᠦᠷᠢᠶ᠎ᠡ᠂ ᠡᠯ᠎ᠡ ᠠᠵᠢᠯ ᠲᠥᠷᠥᠯ᠂ ᠡᠯ᠎ᠡ ᠹᠷᠣᠨᠲ ᠤᠨ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠪᠣᠯᠣᠨ ᠨᠠᠮ ᠤᠨ ᠠᠵᠢᠯᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠤᠷᠲᠤ ᠬᠤᠭᠤᠴᠠᠭᠠᠨ ᠤ ᠲᠤᠷᠰᠢ ᠪᠦᠬᠦ ᠰᠢᠶᠠᠨ ᠤ ᠬᠥᠭᠵᠢᠯᠲᠡ ᠳᠠᠪᠰᠢᠯᠲᠠ ᠳᠤ ᠬᠤᠪᠢ ᠨᠡᠮᠡᠷᠢ ᠦᠵᠡᠭᠦᠯᠦᠭᠰᠡᠨ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠢ᠃ ᠲᠡᠷᠡ ᠬᠡᠯᠡᠭᠰᠡᠨ ᠨᠢ ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢᠯᠢᠳᠡᠭ ᠬᠤᠪᠢ ᠬᠥᠮᠥᠨ ᠪᠣᠯᠣᠨ ᠬᠠᠮᠲᠤ ᠨᠡᠶᠢᠲᠡ ᠪᠠᠷ ᠳᠠᠭᠤᠷᠢᠶᠠᠯ ᠪᠣᠯᠭᠠᠵᠤ᠂ ᠦᠶᠯᠡ ᠠᠵᠢᠯᠯᠠᠭ᠎ᠠ ᠪᠣᠯᠣᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠵᠦ᠂ ᠵᠢᠳᠬᠦᠯ ᠴᠢᠷᠮᠠᠶᠢᠯᠭ᠎ᠠ ᠭᠠᠷᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠦᠶᠤᠸᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠲᠡᠷᠡ ᠴᠢᠬᠤᠯᠠᠴᠢᠯᠠᠭᠰᠠᠨ ᠨᠢ ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢᠨ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠨᠡᠨᠴᠢ ᠰᠢᠳᠤᠷᠭᠤ ᠵᠠᠩ ᠴᠢᠨᠠᠷ ᠢᠶᠠᠨ ᠪᠠᠬᠢᠵᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠬᠠᠲᠠᠭᠤ ᠴᠢᠩᠭ᠎ᠠ ᠪᠠᠶᠢᠬᠤ ᠪᠠᠷ ᠡᠯ᠎ᠡ ᠵᠦᠢᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ︔ ᠪᠣᠳᠠᠲᠠᠢ ᠶᠢ ᠡᠷᠬᠢᠮᠯᠡᠨ ᠠᠵᠢᠯ ᠬᠢᠬᠦ ᠶᠢ ᠪᠠᠷᠢᠮᠲᠠᠯᠠᠵᠤ᠂ ᠬᠦᠴᠦᠯᠡᠨ ᠴᠢᠷᠮᠠᠶᠢᠵᠤ ᠵᠢᠳᠬᠦᠯ ᠭᠠᠷᠭᠠᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠶᠡᠭᠡ ᠲᠠᠯ᠎ᠠ ᠶᠢᠨ ᠲᠣᠭᠤᠷᠢᠨ ᠳᠤ ᠡᠭᠦᠷᠭᠡᠯᠡᠯ ᠢᠶᠠᠨ ᠴᠢᠩᠭᠠᠳᠬᠠᠵᠤ᠂ ᠬᠥᠭᠵᠢᠯᠲᠡ ᠪᠠᠨ ᠲᠦᠷᠭᠡᠳᠬᠡᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠵᠣᠷᠢᠯᠲᠠ ᠪᠠᠨ ᠪᠠᠲᠤ ᠴᠡᠭᠡᠵᠢᠯᠡᠨ ᠪᠣᠳᠠᠲᠤ ᠶᠠᠪᠤᠳᠠᠯ ᠬᠢᠵᠦ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠮᠲᠤᠷᠠᠯ ᠬᠦᠴᠦᠨ ᠢ ᠨᠢᠭᠲᠠᠷᠠᠭᠤᠯᠤᠨ ᠨᠠᠮ ᠤᠨ ᠪᠠᠶᠢᠭᠤᠯᠤᠯᠲᠠ ᠶᠢ ᠠᠳᠬᠤᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠬᠤ ᠬᠡᠷᠡᠭᠲᠡᠢ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠡᠩᠨᠡᠭᠡ ᠶᠢ ᠴᠣᠭᠴᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠢ ᠴᠢᠩᠭ᠎ᠠ ᠠᠳᠬᠤᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠬᠥᠲᠥᠯᠥᠨ ᠳᠠᠭᠠᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ