ᠦᠶᠤᠸᠠᠨ ᠰᠢᠶᠠᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 3  ᠤ ᠡᠳᠦᠷ᠂ ᠮᠠᠨ ᠤ ᠰᠢᠶᠠᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠵᠠᠰᠠᠭ ᠤᠨ ᠣᠷᠳᠣᠨ ᠤ ᠰᠢᠶᠠᠨ ᠤ ᠳᠡᠳ᠋‌‍ᠲ᠋ᠠᠷᠤᠭ᠎ᠠ ᠰᠦᠨ ᠮᠧᠢ ᠶᠢᠩ ᠵᠢᠴᠢ ᠰᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦᠭᠦᠦ ᠨᠢᠭᠡ ᠬᠤᠭᠤᠴᠠᠭᠠᠨ ᠤ ᠪᠥᠬᠦ ᠰᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠢ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠡᠭᠦᠷᠭᠡ ᠱᠠᠭᠠᠷᠳᠠᠯᠭ᠎ᠠ ᠶᠢ ᠭᠦᠨᠵᠡᠭᠡᠢ ᠲᠠᠨᠢᠨ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠡᠮᠡᠭᠲᠡᠶᠢᠴᠦᠳ ᠬᠡᠦᠬᠡᠳ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠬᠦ ᠬᠡᠷᠡᠭᠲᠡᠢ᠃ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠠᠵᠢᠯ ᠣᠯᠵᠤ ᠦᠢᠯᠡᠰ ᠪᠣᠰᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠭᠡᠷ ᠪᠦᠯᠢ ᠶᠢᠨ ᠦᠢᠯᠡᠴᠢᠯᠡᠭᠡ ᠵᠡᠷᠭᠡ ︽ᠡᠮᠡᠭᠲᠡᠶᠢᠴᠦᠳ ᠤᠨ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠵᠦ᠂ ᠥᠷᠭᠡᠨ ᠤᠯᠠᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠳᠡᠮᠵᠢᠯᠭᠡ ᠪᠠᠲᠤᠯᠠᠭ᠎ᠠ ᠬᠠᠩᠭᠠᠬᠤ ᠬᠡᠷᠡᠭᠲᠡᠢ᠃ ᠬᠡᠦᠬᠡᠳ ᠢ ᠤᠷᠢᠳ ᠢᠶᠠᠷ ᠬᠠᠷᠠᠭᠠᠯᠵᠠᠬᠤ ᠵᠠᠷᠴᠢᠮ ᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ᠂ ᠰᠠᠭᠤᠷᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠪᠠᠭᠠᠴᠤᠳ ᠬᠡᠦᠬᠡᠳ ᠤᠨ ᠰᠡᠳᠬᠢᠴᠡ᠂ ᠬᠠᠶᠢᠷ᠎ᠠ ᠰᠡᠳᠬᠢᠯᠭᠡ᠂ ᠦᠶᠯᠡ ᠠᠵᠢᠯᠯᠠᠭ᠎ᠠ ᠪᠠ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠰᠢᠨ᠎ᠡ ᠶᠢ ᠡᠭᠦᠳᠦᠨ ᠠᠬᠢᠭᠤᠯᠵᠤ᠂ ᠦᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠡᠷ ᠪᠦᠯᠢ ᠶᠢᠨ ᠪᠣᠯᠪᠠᠰᠤᠨ ᠤ ᠰᠢᠨ᠎ᠡ ᠰᠤᠷᠲᠠᠯ ᠢ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠪᠣᠯᠣᠨ ᠭᠡᠷ ᠪᠦᠯᠢ ᠶᠢᠨ ᠬᠢᠨ ᠢ ᠬᠥᠲᠥᠯᠥᠨ ᠵᠢᠯᠤᠭᠤᠳᠴᠤ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠬᠠᠮᠲᠤᠷᠠᠯ ᠬᠦᠴᠦᠨ ᠢ ᠦᠨᠡᠨ ᠬᠦ ᠨᠢᠭᠲᠠᠷᠠᠭᠤᠯᠵᠤ᠂ ᠡᠮᠡᠭᠲᠡᠶᠢᠴᠦᠳ ᠬᠡᠦᠬᠡᠳ ᠢ ᠬᠦᠨᠳᠦᠳᠬᠡᠬᠦ ᠪᠠ ᠬᠠᠶᠢᠷᠠᠯᠠᠨ ᠬᠠᠯᠠᠮᠵᠢᠯᠠᠬᠤ ᠶᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠵᠤ᠂ ᠦᠶᠤᠸᠠᠨ ᠰᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ! 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ