ᠤᠯᠤᠰ ᠠᠴᠠ ᠶᠠᠭᠤᠨ ᠳᠤ 0 - 6 ᠨᠠᠰᠤᠨ ᠤ ᠬᠡᠦᠬᠡᠳ ᠲᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠳᠠᠭ ᠪᠣᠶ︖
ᠨᠡᠶᠢᠲᠡᠯᠡᠭᠰᠡᠨ ᠴᠠᠭ᠄
2024/7/9
      ᠬᠡᠦᠬᠡᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠨᠢ ᠦᠨᠳᠦᠰᠦᠲᠡᠨ ᠤ ᠬᠡᠪ ᠴᠢᠨᠠᠷ ᠪᠠ ᠤᠯᠤᠰ ᠣᠷᠣᠨ ᠤ ᠬᠥᠭᠵᠢᠯᠲᠡ ᠲᠠᠢ ᠰᠢᠭᠤᠳ ᠬᠤᠯᠪᠣᠭᠳᠠᠵᠤ᠂ ᠬᠥᠮᠥᠰ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠬᠥᠮᠥᠰ ᠬᠡᠦᠬᠡᠳ ᠤᠨ ᠡᠷᠡᠭᠦᠯ ᠮᠡᠨᠳᠦ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃       1.ᠪᠢᠳᠡ ᠬᠡᠦᠬᠡᠳ ᠤᠨ ᠠᠮᠢ ᠨᠠᠰᠤ ᠪᠠ ᠡᠷᠡᠭᠦᠯ ᠮᠡᠨᠳᠦ ᠶᠢ ᠰᠦᠷᠳᠡᠭᠦᠯᠬᠦ ᠡᠯ᠎ᠡ ᠵᠦᠢᠯ ᠤᠨ ᠡᠪᠡᠳᠴᠢᠨ ᠡᠮᠭᠡᠭ ᠢ ᠬᠢᠵᠠᠭᠠᠷᠯᠠᠬᠤ ᠮᠥᠷᠲᠡᠭᠡᠨ ᠨᠠᠩ ᠡᠷᠡᠭᠦᠯ ᠴᠢᠭᠢᠷᠠᠭ ᠪᠡᠶ᠎ᠡ ᠮᠠᠬᠠᠪᠤᠳ ᠤᠨ ᠬᠡᠪ ᠴᠢᠨᠠᠷ᠂ ᠰᠠᠶᠢᠨ ᠰᠠᠶᠢᠬᠠᠨ ᠰᠡᠳᠬᠢᠴᠡ ᠶᠢᠨ ᠠᠵᠢᠯᠯᠠᠭᠠᠨ ᠤ ᠪᠤᠶᠢᠵᠢᠯᠲᠠ ᠪᠠ ᠶᠡᠷᠦᠩᠬᠡᠶᠢᠯᠡᠭᠰᠡᠨ ᠵᠣᠬᠢᠴᠠᠬᠤ ᠴᠢᠳᠠᠪᠤᠷᠢ ᠲᠠᠢ ᠪᠠᠶᠢᠬᠤ ᠶᠢ ᠱᠠᠭᠠᠷᠳᠠᠨ᠎ᠠ︔       2. ᠬᠡᠦᠬᠡᠳ ᠲᠥᠷᠥᠭᠰᠡᠨ ᠤ ᠳᠠᠷᠠᠭ᠎ᠠ ᠠᠯᠬᠤᠮ ᠠᠯᠬᠤᠮ ᠢᠶᠠᠷ ᠠᠮᠢᠳᠤᠷᠠᠯ ᠤᠨ ᠣᠷᠴᠢᠨ ᠲᠣᠭᠤᠷᠢᠨ ᠳᠠᠭᠠᠨ ᠵᠣᠬᠢᠴᠠᠬᠤ ᠬᠡᠷᠡᠭᠲᠡᠢ᠂ 0 - 6 ᠨᠠᠰᠤ ᠪᠣᠯ ᠬᠡᠦᠬᠡᠳ ᠤᠨ ᠥᠰᠦᠯᠲᠡ ᠪᠤᠶᠢᠵᠢᠯᠲᠠ ᠬᠠᠮᠤᠭ ᠲᠦᠷᠭᠡᠨ ᠱᠠᠲᠤ ᠦᠶ᠎ᠡ ᠮᠥᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠬᠡᠦᠬᠡᠳ ᠤᠨ ᠬᠡᠪ ᠤᠨ ᠥᠰᠦᠯᠲᠡ ᠪᠤᠶᠢᠵᠢᠯᠲᠠ ᠶᠢ ᠪᠠᠲᠤᠯᠠᠨ ᠠᠬᠢᠭᠤᠯᠵᠤ᠂ ᠡᠪᠡᠳᠴᠢᠨ ᠡᠮᠭᠡᠭ ᠡᠭᠦᠰᠬᠦ ᠶᠢ ᠪᠠᠭᠠᠰᠬᠠᠨ᠎ᠠ᠃       3.ᠬᠡᠦᠬᠡᠳ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠭᠤᠣᠯᠳᠠᠯᠭ᠎ᠠ ᠲᠠᠢ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠪᠠᠷ ᠳᠠᠮᠵᠢᠨ᠂ ᠬᠡᠦᠬᠡᠳ ᠤᠨ ᠲᠥᠷᠥᠯᠬᠢ ᠵᠡᠷᠡᠮᠳᠡᠭ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠢ ᠡᠷᠲᠡ ᠣᠯᠵᠤ ᠮᠡᠳᠡᠬᠦ᠂ ᠡᠷᠲᠡ ᠡᠮᠨᠡᠨ ᠵᠠᠰᠠᠵᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠶᠢᠨ ᠤᠯᠠᠮ ᠠᠴᠠ ᠬᠡᠦᠬᠡᠳ ᠤᠨ ᠠᠮᠢ ᠨᠠᠰᠤᠨ ᠤ ᠶᠠᠰᠤ ᠴᠢᠨᠠᠷ ᠢ ᠳᠡᠭᠡᠭᠰᠢᠯᠡᠭᠦᠯᠵᠦ ᠪᠣᠯᠣᠨ᠎ᠠ︔        4. 0 - 3 ᠨᠠᠰᠤᠨ ᠤ ᠬᠡᠦᠬᠡᠳ ᠲᠤ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠬᠢᠵᠦ᠂ ᠬᠢᠲᠠᠳ ᠡᠮᠨᠡᠯᠭᠡ ᠶᠢᠨ ︽ᠡᠪᠡᠳᠴᠢᠨ ᠦᠭᠡᠢ ᠴᠦ ᠤᠷᠢᠳᠴᠢᠯᠠᠨ ᠰᠡᠷᠭᠡᠶᠢᠯᠡᠬᠦ︾ ᠳᠠᠪᠠᠭᠤᠯᠢᠭ ᠢ ᠪᠠᠳᠠᠷᠠᠭᠤᠯᠵᠤ᠂ ᠨᠢᠯᠬ᠎ᠠ ᠬᠡᠦᠬᠡᠳ ᠠᠴᠠ ᠡᠬᠢᠯᠡᠨ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠬᠡᠦᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠪᠣᠯᠭᠠᠨ᠎ᠠ᠃       ᠡᠶᠢᠮᠦ ᠠᠴᠠ᠂ ᠤᠯᠤᠰ ᠠᠴᠠ 0 - 6 ᠨᠠᠰᠤᠨ ᠤ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠥᠷᠨᠢᠭᠦᠯᠬᠦ ᠪᠠᠷ ᠳᠤᠷᠠᠳᠤᠭᠰᠠᠨ ᠪᠥᠭᠡᠳ 0 - 3 ᠨᠠᠰᠤᠨ ᠤ ᠨᠢᠯᠬ᠎ᠠ ᠬᠡᠦᠬᠡᠳ ᠲᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠦᠢᠯᠡᠰ ᠲᠤ ᠲᠣᠭᠲᠠᠭᠠᠭᠰᠠᠨ ᠦᠢᠯᠡᠴᠢᠯᠡᠭᠡᠨ ᠤ ᠠᠭᠤᠯᠭ᠎ᠠ ᠨᠢ ᠴᠥᠮ ᠰᠦᠢᠳᠬᠡᠯ ᠬᠤᠷᠢᠶᠠᠬᠤ ᠦᠭᠡᠢ᠃  
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ