ᠭᠡᠷ ᠤᠨ ᠠᠬᠠᠮᠠᠳ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠬᠡᠷᠬᠢᠨ ᠬᠠᠮᠵᠢᠯᠴᠠᠨ ᠰᠠᠶᠢᠲᠤᠷ ᠬᠢᠬᠦ ᠪᠤᠢ︖
ᠨᠡᠶᠢᠲᠡᠯᠡᠭᠰᠡᠨ ᠴᠠᠭ᠄
2024/7/9
      ᠤᠯᠤᠰ ᠠᠴᠠ ᠬᠡᠦᠬᠡᠳ ᠤᠨ ᠪᠡᠶ᠎ᠡ ᠰᠡᠳᠬᠢᠯ ᠤᠨ ᠪᠤᠶᠢᠵᠢᠯᠲᠠ ᠪᠠ ᠡᠷᠡᠭᠦᠯ ᠢᠶᠠᠷ ᠦᠰᠦᠨ ᠪᠣᠶᠢᠵᠢᠬᠤ ᠶᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ 0 - 6 ᠨᠠᠰᠤᠨ ᠤ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠬᠠᠮᠢᠶᠠᠷᠤᠯᠲᠠ ᠬᠠᠩᠭᠠᠵᠤ᠂ ᠬᠡᠦᠬᠡᠳ ᠤᠨ ᠭᠡᠷ ᠤᠨ ᠠᠬᠠᠮᠠᠳ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠬᠢᠨᠠᠮᠠᠭᠠᠢ ᠬᠠᠮᠵᠢᠯᠴᠠᠨ᠂ ᠬᠡᠦᠬᠡᠳ ᠤᠨ ᠡᠷᠡᠭᠦᠯ ᠮᠡᠨᠳᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃       1.ᠰᠠᠶ᠋ᠢ ᠲᠥᠷᠥᠭᠰᠡᠨ ᠬᠡᠦᠬᠡᠳ ᠢ ᠠᠶᠢᠯᠴᠢᠯᠠᠨ ᠦᠵᠡᠬᠦ ᠳᠤ ᠡᠮᠨᠡᠯᠭᠡ ᠶᠢᠨ ᠠᠵᠢᠯᠲᠠᠨ ᠭᠡᠷ ᠲᠤᠨᠢ ᠬᠦᠷᠴᠦ ᠪᠠᠶᠢᠴᠠᠭᠠᠯᠲᠠ ᠬᠢᠬᠦ ᠠᠴᠠ ᠭᠠᠳᠠᠨ᠎ᠠ᠂ ᠪᠤᠰᠤᠳ ᠡᠯ᠎ᠡ ᠵᠦᠢᠯ ᠤᠨ ᠦᠢᠯᠡᠴᠢᠯᠡᠭᠡ ᠶᠢ ᠴᠥᠮ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠢᠨ᠎ᠡ᠃       2.ᠬᠡᠦᠬᠡᠳ ᠤᠨ ᠭᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠪᠣᠯᠵᠣᠭᠰᠠᠨ ᠴᠠᠭ᠂ ᠭᠠᠵᠠᠷ ᠢᠶᠠᠨ ᠬᠡᠦᠬᠡᠳ ᠢᠶᠠᠨ ᠳᠠᠭᠠᠭᠤᠯᠤᠨ ᠣᠴᠢᠵᠤ ᠪᠡᠶ᠎ᠡ ᠶᠢᠨ ᠪᠠᠶᠢᠴᠠᠭᠠᠯᠲᠠ ᠬᠢᠯᠭᠡᠵᠦ᠂ ︽ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠳᠡᠪᠲᠡᠷ︾ ᠢ ᠪᠠᠶᠢᠭᠤᠯᠵᠤ᠂ ᠲᠣᠬᠢᠲᠠᠢ ᠰᠠᠶᠢᠬᠠᠨ ᠬᠠᠳᠠᠭᠠᠯᠠᠨ᠎ᠠ᠃       3.ᠡᠮᠴᠢ ᠶᠢᠨ ᠯᠠᠪᠯᠠᠨ ᠠᠰᠠᠭᠤᠬᠤ ᠳᠤ ᠦᠨᠡᠨ ᠮᠥᠨ ᠢᠶᠠᠷ ᠨᠢ ᠮᠡᠳᠡᠭᠳᠡᠵᠦ᠂ ᠪᠡᠶ᠎ᠡ ᠶᠢᠨ ᠪᠠᠶᠢᠴᠠᠭᠠᠯᠲᠠ ᠬᠢᠬᠦ ᠳᠤ ᠬᠠᠮᠵᠢᠯᠴᠠᠨ᠎ᠠ︔       4.ᠡᠮᠴᠢ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ ᠪᠠ ᠬᠢᠲᠠᠳ ᠡᠮᠨᠡᠯᠭᠡ ᠶᠢᠨ ᠡᠷᠡᠭᠦᠯᠵᠢᠯ ᠤᠨ ᠮᠡᠳᠡᠯᠭᠡ ᠮᠡᠷᠭᠡᠵᠢᠯ ᠢ ᠰᠣᠨᠣᠰᠴᠤ᠂ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ᠎ᠡ᠃       5.ᠡᠪᠡᠳᠴᠢᠨ ᠤ ᠰᠢᠭᠰᠢᠨ ᠪᠠᠶᠢᠴᠠᠭᠠᠯᠲᠠ ᠬᠢᠵᠦ᠂ ᠬᠡᠷᠪᠡ ᠡᠷᠡᠭᠦᠯ ᠮᠡᠨᠳᠦ ᠶᠢᠨ ᠠᠰᠠᠭᠤᠳᠠᠯ ᠲᠠᠢ ᠪᠣᠯ ᠡᠮᠴᠢ ᠶᠢᠨ ᠵᠢᠭᠠᠪᠤᠷᠢ ᠪᠠᠷ ᠳᠠᠬᠢᠨ ᠪᠠᠶᠢᠴᠠᠭᠠᠬᠤ ᠪᠤᠶᠤ ᠰᠢᠯᠵᠢᠭᠦᠯᠦᠨ ᠣᠨᠣᠰᠢᠯᠠᠭᠤᠯᠤᠨ᠎ᠠ᠃
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ