ᠦᠶᠤᠸᠠᠨ ᠰᠢᠶᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/10
      8 ᠰᠠᠷ᠎ᠠ ᠶᠢᠨ 9  ᠤ ᠡᠳᠦᠷ᠂ ᠮᠠᠨ ᠤ ᠰᠢᠶᠠᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠦᠶᠤᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠢᠦᠢ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠵᠠᠩ ᠢᠦᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠸᠠᠩ ᠶᠦᠩ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠢ ᠳ᠋ᠦᠩᠨᠡᠨ ᠪᠦᠷᠢᠳᠬᠡᠵᠦ᠂ ᠣᠳᠣᠬᠠᠨ ᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠵᠤ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃      ᠠᠴᠢᠲᠤ ᠬᠡᠯᠡᠭᠰᠡᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠡᠩ ᠥᠨᠳᠥᠷ ᠵᠣᠭᠰᠣᠴᠠ ᠠᠴᠠ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠰᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠦᠴᠦᠯᠡᠬᠦ ᠭᠤᠣᠯᠳᠠᠯᠭ᠎ᠠ ᠪᠠ ᠭᠤᠣᠯ ᠰᠢᠪᠲᠤᠯᠬᠤ ᠴᠢᠭᠯᠡᠯ ᠢ ᠰᠠᠶᠢᠲᠤᠷ ᠲᠥᠯᠥᠪᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠵᠢᠯ ᠤᠨ ᠭᠤᠣᠯ ᠱᠤᠭᠤᠮ ᠳᠡᠭᠡᠷ᠎ᠡ᠂ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠳᠡᠭᠡᠷ᠎ᠡ᠂ ᠠᠵᠤ ᠦᠢᠯᠡᠰ ᠢ ᠬᠥᠭᠵᠢᠭᠦᠯᠬᠦ ᠳᠡᠭᠡᠷ᠎ᠡ᠂ ᠠᠮᠢ ᠠᠬᠤᠢ ᠶᠢ ᠬᠠᠮᠠᠭᠠᠯᠠᠬᠤ ᠳᠡᠭᠡᠷ᠎ᠡ᠂ ᠠᠷᠠᠳ ᠤᠨ ᠠᠮᠢᠳᠤᠷᠠᠯ ᠤᠨ ᠦᠢᠯᠡᠰ ᠳᠡᠭᠡᠷ᠎ᠡ ᠨᠡᠩ ᠴᠢᠩᠭ᠎ᠠ ᠨᠡᠩ ᠬᠦᠴᠦ ᠣᠷᠣᠭᠤᠯᠵᠤ᠂ ᠨᠡᠩ ᠴᠢᠩᠭ᠎ᠠ ᠡᠭᠦᠷᠭᠡᠯᠡᠯ ᠢᠶᠠᠷ ᠬᠥᠭᠵᠢᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠭᠠᠪᠰᠢᠭᠠᠶᠢᠯᠠᠨ ᠲᠡᠮᠡᠴᠡᠬᠦ ᠡᠷᠴᠢ ᠵᠣᠷᠢᠭ ᠢᠶᠠᠨ ᠬᠥᠪᠴᠢᠯᠡᠵᠦ᠂ ᠬᠠᠲᠠᠭᠤ ᠲᠠᠢ ᠨᠢ ᠬᠠᠯᠳᠠᠬᠤ ᠰᠥᠰᠥ ᠵᠣᠷᠢᠭ ᠢᠶᠠᠨ ᠴᠢᠩᠭᠠᠷᠠᠭᠤᠯᠵᠤ᠂ ᠪᠣᠳᠠᠲᠠᠢ ᠶᠢ ᠡᠷᠬᠢᠮᠯᠡᠨ ᠴᠢᠷᠮᠠᠶᠢᠨ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠦᠷᠰᠦ ᠪᠠᠶᠢᠳᠠᠯ ᠢᠶᠠᠨ ᠳᠡᠭᠡᠭᠰᠢᠯᠡᠭᠦᠯᠵᠦ᠂ ᠨᠡᠩ ᠶᠡᠭᠡ ᠡᠷᠴᠢᠮ ᠢᠶᠠᠷ ᠰᠤᠷᠲᠠᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃      ᠠᠴᠢᠲᠤ ᠴᠢᠬᠤᠯᠠᠴᠢᠯᠠᠭᠰᠠᠨ ᠨᠢ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠲᠣᠭᠤᠷᠢᠭ ᠬᠤᠳᠠ ᠶᠢᠨ ᠨᠠᠮ ᠤᠨ ᠬᠤᠷᠢᠶᠠᠨ ᠤ ᠪᠦᠬᠦᠳᠡ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠪᠦᠬᠦ ᠰᠢᠶᠠᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ