ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠤᠯᠠᠮᠵᠢᠯᠠᠵᠤ ᠨᠤᠲᠤᠭ ᠤᠰᠤᠨ ᠤ ᠪᠠᠨ ᠠᠴᠢ ᠡᠨᠡᠷᠢᠯ ᠢ ᠬᠠᠷᠢᠭᠤᠯᠠᠨ᠎ᠠ - ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ
ᠨᠡᠶᠢᠲᠡᠯᠡᠭᠰᠡᠨ ᠴᠠᠭ᠄
2024/8/13
      ᠤᠯᠤᠰ ᠤᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠪᠦᠦ ᠫᠧᠢ ᠴᠢᠩ᠂ ᠼᠤᠤ ᠴᠢ ᠶᠦᠩ ᠵᠡᠷᠭᠡ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠳᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠪᠠ᠃ ᠰᠢᠶᠠᠩᠭᠠᠩ ᠤᠨ ᠲᠤᠯᠤᠭᠠᠨ ᠬᠤᠳᠠᠯᠳᠤᠭᠠᠴᠢᠨ ᠤ ᠡᠪᠯᠡᠯ 6 ᠤ ᠡᠳᠦᠷ ᠰᠢᠶᠠᠩᠭᠠᠩ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃      ᠶᠠᠷᠢᠯᠴᠠᠬᠤ ᠬᠤᠷᠠᠯ ᠠᠴᠠ ᠡᠩ ᠲᠡᠷᠢᠭᠦᠨ ᠳᠤ ᠲᠡᠷᠢᠭᠦᠯᠡᠭᠴᠢ ᠰᠢ ᠶᠢᠨ ᠫᠢᠩ ᠤᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠢ ᠲᠠᠭᠢᠨ ᠡᠷᠭᠢᠴᠡᠭᠦᠯᠵᠦ᠂ ᠲᠠᠷᠠᠭ᠎ᠠ ᠨᠢ ᠲᠥᠪ ᠤᠨ ᠰᠢᠶᠠᠩᠭᠠᠩ ᠣᠣᠮᠧᠨ ᠤ ᠠᠵᠢᠯ ᠤᠨ ᠠᠯᠪᠠᠨ ᠭᠡᠷ ᠤᠨ ᠡᠷᠭᠢᠯᠡᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠶᠠᠩᠭᠠᠩ ᠣᠣᠮᠧᠨ ᠤ ᠬᠡᠷᠡᠭ ᠶᠠᠪᠤᠳᠠᠯ ᠤᠨ ᠠᠯᠪᠠᠨ ᠭᠡᠷ ᠤᠨ ᠡᠷᠭᠢᠯᠡᠭᠴᠢ ᠰᠢᠶᠠ ᠪᠦᠦ ᠯᠦᠩ ᠤᠨ ᠲᠡᠷᠢᠭᠦᠯᠡᠭᠴᠢ ᠰᠢ  ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠷᠠᠳᠤᠭᠰᠠᠨ ᠵᠢᠯᠤᠭᠤᠳᠬᠤ ᠰᠠᠨᠠᠯ ᠢ ᠤᠯᠠᠮᠵᠢᠯᠠᠪᠠ᠃ ᠲᠡᠷᠡ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ ᠰᠢᠶᠠᠩᠭᠠᠩ ᠣᠣᠮᠧᠨ ᠤ ᠪᠣᠳᠠᠲᠤ ᠪᠠᠶᠢᠳᠠᠯ ᠲᠠᠢ ᠤᠶᠠᠯᠳᠤᠭᠤᠯᠬᠤ ᠬᠡᠷᠡᠭᠲᠡᠢ᠃ ᠰᠢᠶᠠᠩᠭᠠᠩ ᠣᠣᠮᠧᠨ ᠤ ᠨᠡᠶᠢᠭᠡᠮ ᠢᠯᠠᠩᠭᠤᠶ᠎ᠠ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠵᠤ᠂ ᠰᠢᠶᠠᠩᠭᠠᠩ ᠣᠣᠮᠧᠨ ᠤ ᠨᠠᠩ ᠰᠠᠶᠢᠨ ᠬᠥᠭᠵᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢᠶᠠᠩᠭᠠᠩ ᠳᠤ ᠰᠠᠭᠤᠭ᠎ᠠ ᠲᠥᠪ ᠤᠨ ᠵᠠᠰᠠᠭ ᠤᠨ ᠣᠷᠳᠣᠨ ᠤ ᠬᠤᠯᠪᠤᠭ᠎ᠠ ᠠᠪᠬᠤ ᠠᠯᠪᠠᠨ ᠭᠡᠷ ᠤᠨ ᠡᠷᠭᠢᠯᠡᠭᠴᠢ ᠵᠧᠩ ᠶᠠᠨ ᠰᠢᠶᠦ᠋ᠩ ᠬᠤᠷᠠᠯ ᠳᠡᠭᠡᠷ᠎ᠡ᠂ ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠠᠵᠠ ᠲᠣᠭᠢᠶᠠᠯ ᠢ ᠠᠮᠵᠢᠵᠤ᠂ ᠤᠷᠢᠳ ᠢᠶᠠᠷ ᠨᠢᠭᠡ ᠠᠯᠬᠤᠮ ᠤᠷᠤᠭᠰᠢᠯᠠᠵᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠳᠤᠯᠵᠤ᠂ ᠰᠠᠶᠢᠲᠤᠷ ᠡᠵᠡᠮᠰᠢᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠪᠢ ᠡᠵᠡᠮᠰᠢᠭᠴᠢ᠂ ᠬᠤᠰᠢᠭᠤᠴᠢ᠂ ᠬᠤᠪᠢ ᠨᠡᠮᠡᠷᠢ ᠦᠵᠡᠭᠦᠯᠦᠭᠴᠢ᠂ ᠰᠢᠨ᠎ᠡ ᠶᠢ ᠡᠭᠦᠳᠦᠭᠴᠢ ᠪᠣᠯᠵᠤ᠂ ᠰᠢᠶᠠᠩᠭᠠᠩ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠨᠡᠶᠢᠲᠡᠯᠢᠭ ᠴᠢᠨᠠᠷᠲᠠᠢ ᠱᠠᠭᠠᠷᠳᠠᠯᠭ᠎ᠠ᠂ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠲᠠᠨᠢᠬᠤ ᠬᠡᠷᠡᠭᠲᠡᠢ ᠭᠡᠵᠦ ᠢᠯᠡᠳᠬᠡᠪᠡ᠃      ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠵᠤᠷᠭᠠᠨ ᠤ ᠳᠠᠷᠤᠭ᠎ᠠ ᠴᠧᠨ ᠮᠣᠣ ᠪᠦᠸᠧ᠂ ᠲᠡᠷᠢᠭᠦᠯᠡᠭᠴᠢ ᠰᠢ ᠶᠢᠨ ᠫᠢᠩ ᠤᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠳ ᠲᠤ ᠥᠭᠭᠦᠭᠰᠡᠨ ᠨᠤᠲᠠᠯᠠᠯᠲᠠ ᠪᠠ ᠬᠦᠰᠡᠯ ᠨᠠᠶᠢᠳᠠᠯᠭ᠎ᠠ ᠨᠢ ᠮᠥᠨ ᠴᠦ ᠪᠤᠢ ᠪᠦᠬᠦᠢ ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ ᠠᠵᠤ ᠠᠬᠤᠶᠢᠯᠠᠯᠲᠠᠨ ᠲᠡᠷᠡᠴᠢᠯᠡᠨ ᠬᠤᠳᠠᠯᠳᠤᠭᠠᠨ ᠤ ᠡᠲᠡᠭᠡᠳ ᠪᠣᠯᠣᠨ ᠪᠦᠭᠦ ᠬᠤᠳᠠ ᠶᠢᠨ ᠠᠷᠠᠳ ᠲᠤ ᠲᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ᠎ᠠ᠃ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠰᠢᠶᠠᠩᠭᠠᠩ ᠤᠨ ᠡᠯ᠎ᠡ ᠡᠲᠡᠭᠡᠳ ᠤᠨ ᠤᠯᠤᠰ ᠢᠶᠠᠨ ᠬᠠᠶᠢᠷᠠᠯᠠᠬᠤ᠂ ᠰᠢᠶᠠᠩᠭᠠᠩ ᠢᠶᠠᠨ ᠬᠠᠶᠢᠷᠠᠯᠠᠬᠤ ᠪᠠ ᠨᠤᠲᠤᠭ ᠢᠶᠠᠨ ᠬᠠᠶᠢᠷᠠᠯᠠᠬᠤ ᠬᠦᠴᠦᠨ ᠢ ᠴᠢᠷᠮᠠᠶᠢᠨ ᠨᠢᠭᠲᠠᠷᠠᠭᠤᠯᠵᠤ᠂ ᠡᠯ᠎ᠡ ᠲᠠᠯ᠎ᠠ ᠶᠢᠨ ᠬᠢᠨ ᠤ ᠦᠷᠭᠦᠯᠵᠢᠯᠡᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠲᠠᠯ᠎ᠠ ᠳᠤ  ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠠᠬᠢᠭᠤᠯᠤᠨ᠎ᠠ ᠭᠡᠵᠦ ᠢᠯᠡᠳᠬᠡᠪᠡ᠃      ᠣᠶᠢᠷ᠎ᠠ ᠦᠶ᠎ᠡ ᠠᠴᠠ ᠨᠠᠭᠠᠰᠢ᠂ ᠨᠢᠩᠪᠦ᠋ᠸᠧ ᠶᠢᠨ ᠨᠢᠭᠡ ᠪᠦᠯᠦᠭ ᠬᠥᠮᠥᠰ ᠨᠢᠩᠪᠦ᠋ᠸᠧ ᠠᠴᠠ ᠭᠠᠷᠴᠤ᠂ ᠠᠵᠤ ᠦᠢᠯᠡᠳᠪᠦᠷᠢ ᠶᠢ ᠴᠢᠬᠤᠯᠠᠴᠢᠯᠠᠨ ᠬᠤᠳᠠᠯᠳᠤᠭ᠎ᠠ ᠶᠢ ᠬᠥᠭᠵᠢᠭᠦᠯᠵᠦ᠂ ᠠᠭᠠᠵᠢᠮ ᠢᠶᠠᠷ ᠡᠬᠡ ᠤᠯᠤᠰ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠳᠥᠷᠪᠡᠨ ᠵᠦᠭ ᠢ ᠵᠣᠷᠢᠬᠤ ᠬᠤᠳᠠᠯᠳᠤᠭᠠᠴᠢᠨ ᠤ ᠬᠠᠮᠲᠤᠯᠢᠭ ᠢ ᠪᠦᠷᠢᠯᠳᠦᠭᠦᠯᠵᠦ᠂ ᠪᠦᠦ ᠢᠦᠢ ᠭᠠᠩ᠂ ᠱᠤᠤ ᠢ ᠹᠦ᠋ ᠵᠡᠷᠭᠡ ᠤᠯᠤᠰ ᠢᠶᠠᠨ ᠬᠠᠶᠢᠷᠠᠯᠠᠵᠤ ᠨᠤᠲᠤᠭ ᠢᠶᠠᠨ ᠬᠠᠶᠢᠷᠠᠯᠠᠳᠠᠭ ᠨᠠᠷᠠᠲᠤ ᠬᠥᠮᠥᠰ ᠴᠣᠯᠭᠤᠷᠠᠨ ᠭᠠᠷᠴᠤ᠂ ᠡᠬᠡ ᠤᠯᠤᠰ ᠪᠣᠯᠣᠨ ᠨᠤᠲᠤᠭ ᠤᠰᠤᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ︽ᠨᠢᠩᠪᠦ᠋ᠸᠧ ᠶᠢᠨ ᠪᠦᠯᠦᠭ︾ᠬᠡᠮᠡᠭᠳᠡᠪᠡ᠃ ᠣᠶᠢᠷ᠎ᠠ ᠳᠤ᠂ ᠪᠦᠦ ᠫᠧᠢ ᠴᠢᠩ᠂ ᠼᠤᠤ ᠴᠢ ᠶᠦᠩ ᠵᠡᠷᠭᠡ ᠰᠢᠶᠠᠩᠭᠠᠩ ᠳᠠᠬᠢ︽ᠨᠢᠩᠪᠦ᠋ᠸᠧ ᠶᠢᠨ ᠪᠦᠯᠦᠭ︾ ᠤᠨ ᠬᠤᠶᠢᠴᠢ ᠦᠶ᠎ᠡ ᠶᠢᠨ ᠬᠢᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ ᠲᠡᠳᠡᠨ ᠤ ᠠᠬᠠᠮᠠᠳ ᠦᠶ᠎ᠡ ᠶᠢᠨ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠵᠠᠯᠭᠠᠮᠵᠢᠯᠠᠵᠤ᠂ ᠤᠯᠤᠰ ᠤᠨ ᠬᠥᠭᠵᠢᠯᠲᠡ ᠳᠤ ᠢᠳᠡᠪᠬᠢᠲᠡᠢ ᠦᠢᠯᠡᠴᠢᠯᠡᠵᠦ ᠪᠠᠶᠢᠭ᠎ᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠬᠡ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠭᠡᠪᠡ᠃      ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠢ ᠣᠯᠣᠭᠰᠠᠨ ᠤ ᠳᠠᠷᠠᠭ᠎ᠠ᠂ ᠪᠦᠦ ᠫᠧᠢ ᠴᠢᠩ  ᠲᠤᠶᠢᠯ ᠢᠶᠠᠷ ᠤᠷᠮᠠᠰᠢᠨ ᠵᠣᠷᠢᠭᠵᠢᠪᠠ᠃︽ᠰᠢᠶᠠᠩᠭᠠᠩ ᠤᠨ ᠴᠡᠴᠡᠭᠯᠡᠯ ᠬᠥᠭᠵᠢᠯ ᠲᠣᠭᠲᠠᠭᠤᠨ ᠪᠠᠶᠢᠳᠠᠯ ᠡᠬᠡ ᠤᠯᠤᠰ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠪᠢᠳᠡ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ︾ ᠭᠡᠵᠦ ᠲᠡᠷᠡ ᠬᠡᠯᠡᠪᠡ᠃      ︽ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠪᠣᠯ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠳ ᠲᠤ ᠥᠭᠭᠦᠭᠰᠡᠨ ᠳᠡᠭᠡᠳᠦ ᠬᠡᠮᠵᠢᠶᠡᠨ ᠤ ᠨᠤᠲᠠᠯᠠᠯᠲᠠ᠂ ᠵᠣᠷᠢᠭᠵᠢᠭᠤᠯᠤᠯ ᠪᠠ ᠬᠦᠰᠡᠯ ᠨᠠᠶᠢᠳᠠᠯᠭ᠎ᠠ ᠪᠣᠯᠣᠨ᠎ᠠ᠂ ᠨᠡᠩ ᠴᠤ ᠪᠦᠭᠦ ᠳᠤᠮᠳᠠᠳᠤ ᠶᠢᠨ ᠬᠥᠪᠡᠭᠦᠳ ᠥᠬᠢᠳ ᠲᠤ ᠥᠭᠭᠦᠭᠰᠡᠨ ᠠᠭᠤᠤ ᠶᠡᠭᠡ ᠤᠷᠢᠶᠠᠯᠠᠭ᠎ᠠ ᠪᠣᠯᠣᠨ᠎ᠠ︾᠃ ᠵᠠᠬᠢᠳᠠᠯ ᠢᠯᠡᠭᠡᠬᠦ ᠳᠤ ᠣᠷᠣᠯᠴᠠᠬᠰᠠᠨ ᠳᠡᠯᠡᠬᠡᠢ ᠶᠢᠨ ᠳᠤᠮᠳᠠᠳᠤ ᠶᠢᠨ ᠨᠢᠩᠪᠦ᠋ᠸᠧ ᠶᠢᠨ ᠬᠤᠳᠠᠯᠳᠤᠭᠠᠴᠢᠳ ᠤᠨ  ᠶᠡᠷᠦᠩᠬᠡᠢ  ᠡᠪᠯᠡᠯ ᠤᠨ  ᠳᠠᠷᠤᠭ᠎ᠠ  ᠯᠢ  ᠳ᠋ᠧ  ᠯᠢᠨ᠂  ᠢᠷᠡᠭᠡᠳᠦᠢ ᠳᠤ ᠲᠡᠷᠢᠭᠦᠯᠡᠭᠴᠢ ᠰᠢ ᠶᠢᠨ ᠫᠢᠩ ᠤᠨ ᠵᠠᠬᠢᠶ᠎ᠠ ᠶᠢ ᠪᠠᠲᠤ ᠴᠡᠭᠡᠵᠢᠯᠡᠵᠦ᠂ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠳ ᠤᠨ ᠵᠣᠷᠢᠭᠲᠠᠢ ᠪᠠᠷ ᠵᠠᠮ ᠨᠡᠭᠡᠭᠡᠵᠦ᠂ ᠬᠤᠴᠣᠷᠬᠤ ᠳᠤᠷ᠎ᠠ ᠦᠭᠡᠢ ᠪᠠᠶᠢᠬᠤ ᠦᠢᠯᠡᠰ ᠪᠣᠰᠬᠠᠬᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃      ᠰᠢᠶᠠᠩᠭᠠᠩ ᠤᠨ ᠳᠤᠮᠳᠠᠳᠤ ᠶᠢᠨ ᠬᠤᠳᠠᠯᠳᠤᠭᠠᠴᠢᠨ ᠤ ᠶᠡᠷᠦᠩᠬᠡᠢ ᠡᠪᠯᠡᠯ᠂ ᠰᠢᠶᠠᠩᠭᠠᠩ ᠤᠨ ᠳᠤᠮᠳᠠᠳᠤ ᠶᠢᠨ ᠦᠢᠯᠡᠳᠪᠦᠷᠢ ᠬᠤᠳᠠᠯᠳᠤᠭᠠᠴᠢᠳ ᠤᠨ ᠬᠤᠯᠪᠤᠭ᠎ᠠ᠂ ᠰᠢᠶᠠᠩᠭᠠᠩ ᠤᠨ ᠬᠤᠳᠠᠯᠳᠤᠭᠠᠴᠢᠳ ᠤᠨ ᠶᠡᠷᠦᠩᠬᠡᠢ ᠡᠪᠯᠡᠯ᠂ ᠰᠢᠶᠠᠩᠭᠠᠩ ᠤᠨ ᠠᠵᠤ ᠦᠢᠯᠡᠳᠪᠦᠷᠢ ᠶᠢᠨ ᠶᠡᠷᠦᠩᠬᠡᠢ ᠡᠪᠯᠡᠯ᠂ ᠰᠢᠶᠠᠩᠭᠠᠩ ᠤᠨ ᠭᠠᠵᠠᠷ  ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠳᠠᠯᠳᠤᠭᠠᠴᠢᠳ ᠤᠨ ᠡᠪᠯᠡᠯ᠂ ᠰᠢᠶᠠᠩᠭᠠᠩ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ᠂ ᠰᠢᠶᠠᠩᠭᠠᠩ ᠤᠨ ᠳᠤᠮᠳᠠᠳᠤ ᠶᠢᠨ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠬᠤᠳᠠᠯᠳᠤᠭᠠᠴᠢᠳ ᠤᠨ ᠡᠪᠯᠡᠯ ᠵᠡᠷᠭᠡ ᠲᠤᠯᠤᠭᠠᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠬᠠᠷᠢᠭᠤ ᠵᠠᠬᠢᠳᠠᠯ ᠤᠨ ᠴᠢᠬᠤᠯᠠ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠲᠤᠭᠤᠰᠢᠯᠠᠭᠤᠯᠵᠤ᠂ ᠠᠵᠠ ᠲᠣᠭᠢᠶᠠᠯ ᠢ ᠡᠵᠡᠮᠳᠡᠨ᠂ ᠤᠯᠤᠰ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠤᠷᠤᠰᠬᠠᠯ ᠳᠤ ᠠᠭᠤᠰᠤᠯᠴᠠᠨ᠎ᠠ ᠭᠡᠵᠦ ᠢᠯᠡᠳᠬᠡᠵᠡᠭᠡᠪᠡ᠃      ᠰᠢᠶᠠᠩᠭᠠᠩ ᠤᠨ ᠳᠤᠮᠳᠠᠳᠤ ᠶᠢᠨ ᠬᠤᠳᠠᠯᠳᠤᠭᠠᠴᠢᠨ ᠤ ᠶᠡᠷᠦᠩᠬᠡᠢ ᠡᠪᠯᠡᠯ ᠤᠨ ᠳᠠᠷᠤᠭ᠎ᠠ ᠼᠠᠢ ᠭᠤᠸᠠᠨ ᠱᠧᠨ᠂ ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠤᠯᠤᠰ ᠤᠨ ᠥᠭᠡᠷᠡᠴᠢᠯᠡᠯᠲᠡ ᠨᠡᠭᠡᠭᠡᠯᠲᠡ ᠳᠤ ᠣᠷᠣᠯᠴᠠᠭᠴᠢ ᠪᠠ ᠠᠰᠢᠭ ᠭᠦᠷᠳᠡᠭᠴᠢ ᠪᠣᠯᠤᠭᠰᠠᠨ ᠤ ᠬᠤᠪᠢ ᠳᠤ᠂ ᠰᠢᠶᠠᠩᠭᠠᠩ ᠳᠤ ᠨᠡᠩ ᠤᠯᠠᠨ ᠵᠠᠯᠠᠭᠤ ᠦᠢᠯᠡᠳᠪᠦᠷᠢ ᠬᠤᠳᠠᠯᠳᠤᠭᠠᠨ ᠤ ᠤᠳᠤᠷᠢᠳᠤᠭᠴᠢ ᠶᠢ ᠬᠥᠮᠥᠵᠢᠭᠦᠯᠬᠦ ᠪᠠᠷ ᠴᠢᠷᠮᠠᠶᠢᠵᠤ᠂ ᠤᠯᠤᠰ ᠢᠶᠠᠨ ᠬᠠᠶᠢᠷᠠᠯᠠᠬᠤ ᠨᠤᠲᠤᠭ ᠤᠰᠤ ᠪᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠣᠷᠣᠯᠴᠠᠨ᠎ᠠ ᠭᠡᠵᠦ ᠵᠢᠭᠠᠵᠤ ᠭᠠᠷᠭᠠᠪᠠ᠃      ᠰᠢᠶᠠᠩᠭᠠᠩ ᠤᠨ ᠳᠤᠮᠳᠠᠳᠤ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠠᠷᠤᠭ᠎ᠠ ᠯᠦ ᠶᠢᠨ ᠷᠦᠩ᠂ ᠰᠢᠶᠠᠩᠭᠠᠩ ᠤᠯᠤᠰ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠬᠢᠴᠠ ᠳᠤᠮᠳᠠ ᠨᠡᠩ ᠢᠳᠡᠪᠬᠢᠲᠡᠢ ᠬᠤᠪᠢ ᠨᠡᠮᠡᠷᠢ ᠦᠵᠡᠭᠦᠯᠦᠭᠴᠢ᠂ ᠬᠤᠰᠢᠭᠤᠴᠢ ᠪᠠ ᠰᠢᠨ᠎ᠡ ᠶᠢ ᠡᠭᠦᠳᠦᠭᠴᠢ ᠪᠣᠯᠵᠤ᠂ ᠳᠡᠯᠡᠬᠡᠶᠢᠵᠢᠯᠲᠡ ᠶᠢᠨ ᠳᠠᠪᠠᠭᠤᠯᠢᠭ ᠢ ᠰᠠᠶᠢᠲᠤᠷ ᠠᠰᠢᠭᠯᠠᠵᠤ᠂︽ᠳᠡᠰ ᠠᠴᠠ ᠳᠠᠪᠠᠭᠰᠠᠨ ᠬᠠᠷᠢᠯᠴᠠᠭᠴᠢ︾ ᠶᠢᠨ ᠳᠦᠷᠢ ᠶᠢ ᠳᠡᠭᠡᠭᠰᠢᠯᠡᠭᠦᠯᠪᠡᠯ ᠵᠣᠬᠢᠨ᠎ᠠ ᠭᠡᠵᠦ ᠦᠵᠡᠪᠡ᠃      ︽ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠢᠶᠠᠷ ᠳᠠᠭᠤᠷᠢᠶᠠᠯ ᠪᠤᠯᠭᠠᠵᠤ᠂ ᠡᠬᠡ ᠨᠤᠲᠤᠭ ᠲᠠᠭᠠᠨ ᠢᠳᠡᠪᠬᠢᠲᠡᠢ ᠪᠠᠷ ᠠᠴᠢ ᠬᠠᠷᠢᠭᠤᠯᠠᠵᠤ᠂ ᠤᠯᠤᠰ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ︾ ᠭᠡᠵᠦ ᠰᠢᠶᠠᠩᠭᠠᠩ ᠤᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠲᠡᠷᠢᠭᠦᠯᠡᠭᠴᠢ ᠴᠧᠨ ᠷᠦᠢ ᠵᠢᠤᠸᠠᠨ ᠬᠡᠯᠡᠪᠡ᠃      ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ᠂ ᠰᠢᠶᠠᠩᠭᠠᠩ ᠤᠨ ᠠᠵᠤ ᠦᠢᠯᠡᠳᠪᠦᠷᠢ ᠶᠢᠨ ᠶᠡᠷᠦᠩᠬᠡᠢ ᠡᠪᠯᠡᠯ ᠤᠨ ᠲᠡᠷᠢᠭᠦᠯᠡᠭᠴᠢ ᠵᠤᠸᠠᠩ ᠽᠢ ᠰᠢᠶᠦ᠋ᠩ᠂ ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠢᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠢᠶᠠᠩᠭᠠᠩ ᠤᠨ ᠲᠤᠷᠰᠢᠯᠭ᠎ᠠ ᠪᠣᠯᠣᠨ ᠡᠬᠢ ᠪᠠᠶᠠᠯᠢᠭ ᠢ ᠤᠯᠤᠰ ᠤᠨ ᠡᠯ᠎ᠡ ᠭᠠᠵᠠᠷ ᠤᠨ ᠰᠢᠨ᠎ᠡ ᠶᠢ ᠡᠭᠦᠳᠬᠦ ᠬᠥᠭᠵᠢᠯᠲᠡ ᠪᠣᠯᠣᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ︽ᠲᠦᠷᠭᠡᠳᠬᠡᠭᠦᠷ︾ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠥᠨᠳᠥᠷ ᠲᠦᠪᠰᠢᠨ ᠪᠦᠬᠦᠢ ᠨᠡᠭᠡᠭᠡᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ᠂ ᠰᠢᠶᠠᠩᠭᠠᠩ ᠤᠨ ᠳᠤᠮᠳᠠᠳᠤ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠪᠧᠢ ᠵᠢᠶᠦ᠋ᠨ ᠴᠢ᠂ ᠰᠢᠶᠠᠩᠭᠠᠩ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠠᠪᠴᠢᠷᠠᠭᠰᠠᠨ ᠰᠢᠨ᠎ᠡ ᠠᠵᠠ ᠲᠣᠭᠢᠶᠠᠯ ᠢ ᠠᠮᠵᠢᠵᠤ᠂ ᠳᠣᠲᠣᠷ᠎ᠠ ᠭᠠᠵᠠᠷ ᠪᠣᠯᠣᠨ ᠭᠠᠳᠠᠭᠠᠳᠤ ᠶᠢᠨ ᠨᠢᠭᠲᠠ ᠬᠠᠷᠢᠯᠴᠠᠭ᠎ᠠ ᠶᠢ ᠴᠢᠩᠭᠠᠳᠬᠠᠬᠤ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠤ ᠭᠠᠳᠠᠭᠠᠳᠤ ᠶᠠᠪᠤᠯᠴᠠᠭ᠎ᠠ ᠶᠢ ᠠᠬᠢᠭᠤᠯᠤᠨ᠎ᠠ ᠭᠡᠵᠦ ᠬᠡᠯᠡᠪᠡ᠃      ᠰᠢᠶᠠᠩᠭᠠᠩ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ ᠤᠨ ᠳᠠᠷᠤᠭ᠎ᠠ ᠮᠢᠶᠣᠣ ᠵᠢᠶᠠᠨ ᠮᠢᠨ᠂ ᠰᠢᠶᠠᠩᠭᠠᠩ ᠳᠤ ᠰᠠᠭᠤᠭ᠎ᠠ ᠳᠤᠮᠳᠠᠳᠤ ᠤᠯᠤᠰ ᠤᠨ ᠪᠡᠯᠡᠳᠦ ᠠᠵᠤ ᠠᠬᠤᠶᠢᠯᠠᠯ ᠢ ᠪᠦᠯᠬᠦᠮᠳᠡᠭᠦᠯᠦᠨ ᠳᠠᠭᠠᠭᠤᠯᠵᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ᠦᠢᠯᠡᠰ ᠤᠨ ᠡᠷᠡᠰ ᠪᠠᠲᠤ ᠪᠦᠲᠦᠭᠡᠨ ᠪᠠᠶᠢᠭᠤᠯᠤᠭᠴᠢ ᠪᠣᠯᠣᠨ ᠰᠢᠶᠠᠩᠭᠠᠩ ᠤᠨ ᠠᠵᠤ ᠠᠬᠤᠢ ᠶᠢᠨ ᠬᠥᠭᠵᠢᠯᠲᠡ ᠶᠢᠨ ᠢᠳᠡᠪᠬᠢᠲᠡᠢ ᠠᠬᠢᠭᠤᠯᠤᠭᠴᠢ ᠶᠢ ᠦᠷᠭᠦᠯᠵᠢᠯᠡᠨ ᠰᠠᠶᠢᠲᠤᠷ ᠬᠢᠵᠦ᠂ ᠰᠢᠶᠠᠩᠭᠠᠩ ᠤᠨ ᠠᠵᠤ ᠠᠬᠤᠢ ᠪᠠᠨ ᠬᠥᠭᠵᠢᠭᠦᠯᠬᠦ ᠪᠠᠷ ᠬᠦᠴᠦᠯᠡᠨ ᠴᠢᠷᠮᠠᠶᠢᠬᠤ ᠳᠤ ᠳᠤᠮᠳᠠᠳᠤ ᠶᠢᠨ ᠪᠡᠯᠡᠳᠤ ᠠᠵᠤ ᠠᠬᠤᠶᠢᠯᠠᠯ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃      ︽ᠤᠯᠤᠰ ᠤᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠰᠢᠶᠠᠩᠭᠠᠩ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ  ᠬᠢᠨ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠲᠡᠷᠢᠭᠦᠯᠡᠭᠴᠢ ᠰᠢ ᠶᠢᠨ ᠫᠢᠩ ᠤᠨ ᠵᠠᠬᠢᠶ᠎ᠠ ᠶᠢ ᠨᠠᠶᠢᠳᠠᠪᠤᠷᠢᠵᠢᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠬᠠᠷᠢᠭᠤᠯᠠᠬᠤ ᠪᠣᠯᠣᠨ᠎ᠠ︾ ᠭᠡᠵᠦ ᠰᠢᠶᠠᠩᠭᠠᠩ ᠤᠨ ᠭᠠᠵᠠᠷ  ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠳᠠᠯᠳᠤᠭᠠᠴᠢᠳ ᠤᠨ ᠡᠪᠯᠡᠯ ᠤᠨ ᠭᠦᠢᠴᠡᠳᠬᠡᠬᠦ ᠺᠣᠮᠢᠰ ᠤᠨ ᠲᠡᠷᠢᠭᠦᠯᠡᠭᠴᠢ ᠯᠢᠶᠠᠩ ᡁᠢ ᠵᠢᠶᠠᠨ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠰᠡᠳᠬᠢᠯ ᠤᠨ ᠦᠭᠡ ᠶᠢ ᠬᠡᠯᠡᠵᠦ ᠭᠠᠷᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ