ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ᠄ | 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠮᠠᠨ ᠤ ᠤᠯᠤᠰ ᠤᠨ ᠲᠠᠮᠢᠷᠴᠢᠳ ᠰᠢᠷᠭᠠᠭᠤ | ᠬᠠᠲᠠᠭᠤᠵᠢᠯᠲᠠᠢ ᠲᠡᠮᠡᠴᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ᠂ 40 ᠠᠯᠲᠠᠨ ᠮᠧᠳᠠᠯ᠂ | 27 ᠮᠥᠩᠭᠦᠨ ᠮᠧᠳᠠᠯ᠂ 24 ᠬᠦᠷᠡᠯ ᠮᠧᠳᠠᠯ ᠣᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ | ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ ᠪᠣᠯᠣᠨ ᠳᠦᠷᠦ ᠶᠢᠨ ᠶᠠᠪᠤᠳᠠᠯ ᠤᠨ | ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ︕ | ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠲᠠ ᠨᠠᠷ ᠢᠮᠠᠭᠲᠠ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠣᠰᠣ ᠰᠤᠷᠲᠠᠬᠤᠨ ᠤ | ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠴᠡᠪᠡᠷ ᠠᠷᠢᠭᠤᠨ ᠤ ᠠᠯᠲᠠᠨ ᠮᠧᠳᠠᠯ ᠣᠯᠬᠤ ᠶᠢ ᠪᠠᠷᠢᠮᠲᠠᠯᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ | ᠡᠷᠡᠰ ᠬᠠᠲᠠᠭᠤ ᠬᠡᠪ ᠰᠤᠷᠲᠠᠯ᠂ ᠬᠡᠲᠦᠶᠢᠳᠦᠭᠰᠡᠨ ᠤᠷ᠎ᠠ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠪᠬᠤᠭ᠎ᠠ ᠲᠡᠭᠦᠯᠳᠡᠷ ᠡᠷᠡᠯᠬᠡᠭᠯᠡᠨ | ᠤᠷᠤᠭᠰᠢᠯᠠᠬᠤ ᠴᠣ ᠰᠢᠨ᠎ᠡ ᠬᠠᠭᠤᠳᠠᠰᠤ ᠶᠢ ᠪᠢᠴᠢᠭᠯᠡᠵᠦ᠂ ᠪᠡᠶ᠎ᠡ ᠶᠢᠨ ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠯᠬᠡᠭᠯᠡᠨ | ᠤᠷᠤᠭᠰᠢᠯᠠᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ - ᠨᠡᠩ ᠪᠦᠯᠬᠦᠮᠳᠡᠯ ᠲᠠᠢ︾ | ᠣᠯᠢᠮᠫᠢᠺ ᠤᠨ ᠰᠡᠴᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠡᠷᠬᠡ ᠲᠡᠭᠰᠢ ᠪᠠᠷ | ᠥᠷᠢᠰᠦᠯᠳᠦᠵᠦ᠂ ᠨᠥᠭᠦᠷᠰᠡᠭ ᠢᠶᠠᠷ ᠰᠣᠯᠢᠯᠴᠠᠵᠤ᠂ ᠤᠷ᠎ᠠ ᠴᠢᠳᠠᠪᠤᠷᠢ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠳᠡᠯᠡᠬᠡᠢ ᠳ᠋ᠠᠬᠢᠨ ᠳᠤ ᠳᠤᠮᠳᠠᠳᠤ | ᠤᠯᠤᠰ ᠤᠨ ᠬᠦᠴᠦᠨ ᠴᠢᠳᠠᠯ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠭᠠᠶᠢᠬᠠᠭᠤᠯᠵᠤ᠂ ᠳᠤᠮᠳᠠᠳᠤ ᠤᠯᠤᠰ ᠤᠨ ᠲᠠᠭᠤᠨ ᠪᠣᠯᠣᠨ ᠳᠤᠮᠳᠠᠳᠤ ᠤᠯᠤᠰ ᠤᠨ | ᠵᠣᠷᠢᠭ ᠰᠠᠨᠠᠭ᠎ᠠ ᠶᠢ ᠤᠯᠠᠮᠵᠢᠯᠠᠪᠠ᠃ ᠲᠠ ᠨᠠᠷ ᠤᠨ ᠣᠯᠣᠭᠰᠠᠨ ᠰᠢᠯᠢᠳᠡᠭ ᠬᠢᠷᠢ ᠪᠦᠲᠦᠮᠵᠢ ᠪᠠ ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠡᠬᠡ ᠣᠷᠣᠨᠴᠢ ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮ | ᠬᠥᠭᠵᠢᠭᠡᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠤᠯᠠᠮ ᠨᠢᠭᠲᠠᠷᠠᠭᠤᠯᠤᠭᠰᠠᠨ ᠶᠤᠮ᠃ | ᠲᠠ ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠵᠤ᠂ ᠤᠯᠠᠨ ᠲᠦᠮᠡᠨᠴᠢ ᠪᠡᠶ᠎ᠡ ᠶᠢᠨ ᠲᠠᠮᠢᠷ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠭᠦ ᠶᠢ ᠬᠦᠰᠡᠵᠦ ᠪᠠᠶᠢᠨ᠎ᠠ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ | ᠪᠠᠶᠢᠨ᠎ᠠ︕ | | |