ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠳᠤ 18404 ᠴᠠᠭᠢᠯᠭᠠᠨ ᠴᠡᠨᠡᠭᠯᠡᠬᠦ ᠲᠥᠬᠦᠭᠡᠷᠦᠮᠵᠢ ᠤᠭᠰᠠᠷᠠᠵᠠᠢ
ᠨᠡᠶᠢᠲᠡᠯᠡᠭᠰᠡᠨ ᠴᠠᠭ᠄
2024/8/14
      ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠯᠤᠰ ᠤᠨ ᠳᠣᠲᠣᠭᠠᠳᠤ ᠶᠢᠨ ᠲᠣᠭᠠᠴᠢᠯᠠᠭᠰᠠᠨ ᠭᠠᠵᠠᠷ ᠤᠨ ᠵᠢᠷᠤᠭ ᠬᠠᠩᠭᠠᠬᠤ ᠠᠵᠤ ᠠᠬᠤᠶᠢᠯᠠᠯ ᠪᠤᠯᠬᠤ ᠪᠠᠢ ᠳ᠋ᠦ᠋ ᠪᠣᠯᠣᠨ ᠭᠤᠤ ᠳ᠋ᠧ ᠲᠠᠢ ᠴᠠᠭᠢᠯᠭᠠᠨ ᠴᠡᠨᠡᠭᠯᠡᠬᠦ  ᠲᠥᠬᠦᠭᠡᠷᠦᠮᠵᠢ ᠶᠢ ᠠᠶᠠᠯᠠᠯ ᠵᠠᠯᠠᠬᠤ ᠲᠠᠪᠴᠠᠩ ᠳᠤ ᠤᠷᠤᠭᠤᠯᠬᠤ ᠲᠤᠬᠠᠢ ᠰᠤᠳᠤᠯᠤᠨ ᠶᠠᠷᠢᠯᠴᠠᠪᠠ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ  ᠲᠥᠬᠦᠭᠡᠷᠦᠮᠵᠢ ᠶᠢᠨ ᠪᠠᠶᠢᠴᠠᠭᠠᠨ ᠯᠠᠪᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠢᠭᠡᠨᠲᠡ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠴᠠᠭᠢᠯᠭᠠᠨ ᠴᠡᠨᠡᠭᠯᠡᠬᠦ  ᠲᠥᠬᠦᠭᠡᠷᠦᠮᠵᠢ ᠶᠢᠨ ᠲᠤᠬᠠᠢ ᠶᠢᠨ ᠴᠠᠭ ᠤᠨ ᠪᠠᠶᠢᠳᠠᠯ ᠢ ᠪᠠᠶᠢᠴᠠᠭᠠᠨ ᠯᠠᠪᠯᠠᠬᠤ ᠶᠢ ᠪᠡᠶᠡᠯᠡᠭᠦᠯᠬᠦ ᠪᠣᠯᠣᠨ᠎ᠠ᠃      ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ᠂ ᠣᠯᠠᠨ ᠲᠦᠮᠡᠨ ᠤ ᠠᠮᠢᠳᠤᠷᠠᠯ ᠳᠤ ᠲᠥᠭᠦᠮ ᠦᠵᠡᠭᠦᠯᠭᠦ ᠶᠢᠨ ᠲᠣᠭᠤᠷᠢᠨ ᠳᠤ ᠵᠠᠰᠠᠮᠠᠯ ᠵᠠᠮ ᠢᠶᠠᠷ ᠭᠤᠣᠯ ᠪᠣᠯᠭᠠᠨ᠂ ᠬᠥᠮᠥᠨ ᠤ ᠤᠷᠤᠰᠬᠠᠯ ᠪᠠ ᠲᠡᠷᠭᠡᠨ ᠤ ᠤᠷᠤᠰᠬᠠᠯ ᠲᠥᠪᠯᠡᠷᠡᠭᠰᠡᠨ ᠭᠠᠵᠠᠷ ᠢᠶᠠᠷ ᠭᠤᠣᠯ ᠪᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ  ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠪᠡ᠃ 7 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ  ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠳᠤ ᠨᠡᠶᠢᠳᠡ 18404  ᠴᠠᠭᠢᠯᠭᠠᠨ ᠴᠡᠨᠡᠭᠯᠡᠬᠦ  ᠲᠥᠬᠦᠭᠡᠷᠦᠮᠵᠢ  ᠤᠭᠰᠠᠷᠠᠵᠤ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ ᠨᠢ 95% ᠬᠦᠷᠴᠡᠢ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠠᠷᠠᠭᠠᠴᠢ ᠪᠠᠷ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ  ᠲᠥᠬᠦᠭᠡᠷᠦᠮᠵᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠨᠣᠷᠮ᠎ᠠ ᠶᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢᠳ ᠤᠨ ᠠᠶᠠᠯᠠᠯ ᠤᠨ ᠣᠶᠢᠯᠠᠭᠠᠯᠲᠠ ᠲᠥᠷᠥᠭᠳᠡᠯ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ︽ᠬᠤᠣᠰ ᠨᠡᠭᠦᠷᠡᠰᠦᠲᠥ᠋ᠷᠥᠭᠴᠢ︾  ᠶᠢᠨ ᠬᠠᠷᠠᠯᠲᠠ ᠶᠢ ᠪᠡᠶᠡᠯᠡᠭᠦᠯᠬᠦ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠴᠦᠨ ᠴᠢᠳᠠᠯ ᠢ ᠨᠡᠮᠡᠷᠢᠯᠡᠬᠦ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ