ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠠᠶᠤᠯᠭᠦᠢ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠦᠭᠦ ᠣᠷᠣᠨ ᠤ ᠰᠠᠴᠤᠷᠠᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2024 | ᠣᠨ ᠤ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠣᠶᠢᠷ᠎ᠠ ᠳᠤ 3 ᠬᠢᠨᠠᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠪᠦᠭᠦ ᠣᠷᠣᠨ ᠤ 12 | ᠠᠶᠢᠮᠠᠭ ᠬᠤᠲᠠ ᠶᠢᠨ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠢ ᠪᠠ ᠳᠠᠭᠠᠯᠳᠤᠯ ᠰᠠᠴᠤᠷᠠᠭ ᠴᠢᠨᠠᠷᠲᠠᠢ ᠠᠭᠤᠷᠬᠠᠢ ᠶᠢ ᠨᠡᠭᠡᠭᠡᠨ ᠠᠰᠢᠭᠯᠠᠬᠤ ᠨᠢᠭᠡᠴᠢ ᠶᠢᠨ | ᠴᠥᠮ᠎ᠡ ᠶᠢᠨ ᠪᠠ ᠰᠠᠴᠤᠷᠠᠭ ᠤᠨ ᠠᠮᠤᠷ ᠲᠦᠪᠰᠢᠨ ᠤ ᠳᠠᠯᠳᠠ ᠭᠡᠮ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠴᠥᠮ᠎ᠡ ᠶᠢᠨ ᠪᠠ ᠰᠠᠴᠤᠷᠠᠭ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠴᠥᠮ᠎ᠡ ᠶᠢᠨ ᠪᠠ ᠰᠠᠴᠤᠷᠠᠭ ᠤᠨ ᠬᠢᠨᠠᠨ ᠬᠡᠮᠵᠢᠬᠦ ᠲᠥᠪ ᠬᠢᠭᠡᠳ ᠠᠶᠢᠮᠠᠭ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠰᠢᠰᠲ᠋ᠧᠮ ᠤᠨ ᠬᠠᠮᠢᠶ᠎ᠠ ᠪᠦᠬᠦᠢ ᠠᠵᠢᠯᠲᠠᠨ ᠢᠶᠠᠷ ᠪᠦᠷᠢᠯᠳᠦᠭᠰᠡᠨ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ᠂ ᠬᠢᠨᠠᠯᠲᠠ ᠲᠠᠯᠪᠢᠵᠤ | ᠪᠠᠶᠢᠴᠠᠭᠠᠬᠤ ᠬᠡᠪᠴᠢᠶ᠎ᠡ ᠳᠤ Ⅲᠲᠥᠷᠥᠯ ᠵᠢᠴᠢ ᠲᠡᠭᠦᠨ ᠠᠴᠠ ᠳᠡᠭᠡᠭᠰᠢᠬᠢ ᠰᠠᠴᠤᠷᠠᠭ ᠡᠭᠦᠰᠬᠡᠭᠴᠢ ᠬᠡᠷᠡᠭᠯᠡᠬᠦ ᠨᠢᠭᠡᠴᠢ ᠶᠢ ᠪᠠᠭᠲᠠᠭᠠᠨ᠎ᠠ᠂Ⅱᠲᠥᠷᠥᠯ ᠵᠢᠴᠢ ᠲᠡᠭᠦᠨ | ᠠᠴᠠ ᠳᠡᠭᠡᠭᠰᠢᠬᠢ ᠰᠠᠴᠤᠷᠠᠭ ᠤᠨ ᠲᠣᠨᠣᠭᠯᠠᠯ ᠢ ᠬᠡᠷᠡᠭᠯᠡᠬᠦ ︵ᠪᠣᠷᠣᠯᠠᠭᠤᠯᠬᠤ︶ ᠨᠢᠭᠡᠴᠢ ᠪᠠ ᠨᠢᠭᠲᠠ ᠪᠢᠲᠡᠭᠦᠮᠵᠢᠯᠡᠭᠰᠡᠨ ᠪᠤᠰᠤ ᠰᠠᠴᠤᠷᠠᠭ ᠴᠢᠨᠠᠷᠲᠠᠢ ᠪᠣᠳᠠᠰ ᠢ | ᠬᠡᠷᠡᠭᠯᠡᠬᠦ ᠨᠢᠭᠡᠴᠢ ᠵᠢᠴᠢ ᠳᠠᠭᠠᠯᠲᠠ ᠰᠠᠴᠤᠷᠠᠭ ᠴᠢᠨᠠᠷᠲᠠᠢ ᠠᠭᠤᠷᠬᠠᠢ ᠶᠢ ᠨᠡᠭᠡᠭᠡᠨ ᠠᠰᠢᠭᠯᠠᠬᠤ ᠨᠢᠭᠡᠴᠢ᠂ ᠭᠤᠣᠯᠳᠠᠯᠭ᠎ᠠ ᠲᠠᠢ ᠬᠢᠮᠢ ᠶᠢᠨ ᠠᠵᠤ ᠦᠢᠯᠡᠳᠪᠦᠷᠢ᠂ | ᠬᠤᠳᠳᠤᠭ ᠬᠡᠮᠵᠢᠬᠦ ᠰᠢᠯᠵᠢᠮᠡᠯ ᠠᠵᠢᠯ ᠲᠥᠷᠥᠯ ᠤᠨ ᠬᠡᠷᠡᠭᠯᠡᠯᠲᠡ᠂ V ᠲᠥᠷᠥᠯ ᠤᠨ ᠰᠠᠴᠤᠷᠠᠭ ᠡᠭᠦᠰᠬᠡᠭᠴᠢ ᠨᠢᠭᠡᠴᠢ ᠵᠢᠴᠢ ᠰᠢᠳᠦᠨ ᠤ ᠡᠮᠨᠡᠯᠭᠡ ᠶᠢᠨ ᠭᠠᠵᠠᠷ᠂ | ᠠᠮᠢᠲᠠᠨ ᠤ ᠡᠮᠴᠢᠯᠡᠭᠡᠨ ᠤ ᠭᠠᠵᠠᠷ ᠤᠨ V ᠲᠥᠷᠥᠯ ᠤᠨ ᠰᠠᠴᠤᠷᠠᠭ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠢ ᠳᠤ ᠰᠤᠭᠤᠴᠢᠨ ᠪᠠᠶᠢᠴᠠᠭᠠᠯᠲᠠ ᠬᠢᠨ᠎ᠡ᠃ | ᠪᠠᠶᠢᠴᠠᠭᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠠᠵᠤ ᠠᠬᠤᠶᠢᠯᠠᠯ ᠳᠤ ᠭᠦᠨᠵᠡᠭᠡᠶᠢᠷᠡᠨ᠂ ᠨᠠᠷᠢᠨ | ᠬᠢᠨᠠᠮᠠᠭᠠᠢ ᠵᠢᠭᠰᠠᠭᠠᠨ ᠪᠠᠶᠢᠴᠠᠭᠠᠵᠤ᠂ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠥᠭᠡᠳ ᠠᠵᠤ ᠠᠬᠤᠶᠢᠯᠠᠯ ᠳᠤ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠠᠵᠢᠯ ᠲᠦᠷᠦᠯ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠵᠤ᠂ ᠲᠡᠭᠦᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠱᠠᠭᠠᠷᠳᠠᠯᠭ᠎ᠠ | ᠶᠣᠰᠣᠭᠠᠷ᠂ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠤᠨ ᠨᠥᠯᠥᠭᠡᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠂ ᠠᠵᠤ | ᠠᠬᠤᠶᠢᠯᠠᠯ ᠤᠨ ᠳᠤᠲᠠᠭᠤᠳᠠᠯ ᠢᠶᠠᠨ ᠨᠥᠬᠦᠪᠦᠷᠢᠯᠡᠬᠦ᠂ ᠰᠠᠭᠤᠷᠢ ᠪᠠᠨ ᠪᠠᠬᠢᠵᠢᠭᠦᠯᠬᠦ ᠳᠤ ᠬᠦᠴᠦᠨ ᠨᠡᠮᠡᠷᠢᠯᠡᠵᠦ᠂ ᠦᠨᠳᠦᠰᠦᠨ ᠱᠠᠲᠤᠨ ᠤ ᠰᠠᠴᠤᠷᠠᠭ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠤ ᠳᠡᠭᠡᠭᠰᠢᠯᠡᠯᠲᠡ ᠶᠢ ᠠᠬᠢᠭᠤᠯᠪᠠ᠃ | ᠣᠳᠣᠬᠠᠨ ᠳᠤ᠂ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠠᠯᠠᠱᠠ ᠠᠶᠢᠮᠠᠭ᠂ ᠣᠷᠳᠣᠰ ᠬᠤᠲᠠ᠂ ᠪᠠᠶᠠᠨᠨᠠᠭᠤᠷ ᠬᠤᠲᠠ ᠵᠢᠴᠢ ᠰᠢᠯᠢ ᠶᠢᠨ ᠭᠤᠣᠯ | ᠠᠶᠢᠮᠠᠭ ᠵᠡᠷᠭᠡ 4 ᠠᠶᠢᠮᠠᠭ ᠬᠤᠲᠠ ᠶᠢ ᠵᠢᠭᠰᠠᠭᠠᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠪᠤᠰᠤᠳ ᠠᠶᠢᠮᠠᠭ ᠬᠤᠲᠠ ᠳᠠᠬᠢ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠨᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠶᠠᠪᠤᠭᠳᠠᠵᠤ᠂ 9 ᠰᠠᠷ᠎ᠠ ᠶᠢᠨ ᠰᠡᠭᠦᠯᠴᠢ ᠪᠠᠷ ᠵᠢᠭᠰᠠᠭᠠᠨ ᠪᠠᠶᠢᠴᠠᠭᠠᠬᠤ ᠠᠵᠢᠯ ᠢ ᠪᠦᠭᠦᠨ ᠢ | ᠪᠡᠶᠡᠯᠡᠭᠦᠯᠬᠦ ᠪᠠᠷ ᠲᠥᠯᠥᠪᠯᠡᠵᠦ ᠪᠤᠶ᠃ | | |