ᠰᠢ ᠶᠢᠨ ᠫᠢᠩ ᠬᠤᠪᠧᠢ ᠶᠢᠨ ᠱᠢ ᠶᠠᠨ ᠤ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ  ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ - ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠨᠠᠩ ᠣᠯᠠᠨ ᠬᠥᠮᠥᠨ ᠤ ᠤᠬᠠᠮᠰᠠᠷ ᠠᠴᠠ ᠪᠠᠨ ᠭᠤᠣᠯ ᠮᠥᠷᠡᠨ ᠢ ᠰᠠᠬᠢᠵᠤ ᠭᠤᠣᠯ ᠮᠥᠷᠡᠨ ᠢ ᠬᠠᠮᠠᠭᠠᠯᠠᠵᠤ ᠤᠰᠤ ᠠᠷᠪᠢᠯᠠᠬᠤ ᠶᠢ ᠳᠠᠶᠢᠴᠢᠯᠠᠵᠤ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠭᠡᠷᠡᠢ
ᠨᠡᠶᠢᠲᠡᠯᠡᠭᠰᠡᠨ ᠴᠠᠭ᠄
2024/8/15
      ᠬᠤᠶᠠᠳᠠᠭᠢ ᠪᠦᠭᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠪᠧᠢ ᠶᠢᠨ ᠱᠢ ᠶᠠᠨ ᠤ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠳ᠂ ᠰᠠᠶᠢᠨ ᠲᠤᠷᠠᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠠᠷᠪᠠᠨ ᠵᠢᠯ ᠤᠨ ᠲᠤᠷᠰᠢ ᠴᠥᠭᠦᠷᠥᠮ ᠤᠨ ᠣᠷᠣᠨ ᠤ ᠤᠯᠠᠨ ᠲᠦᠮᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠣᠷᠣᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠴᠦᠭᠦᠷᠤᠮ ᠤᠨ ᠣᠷᠣᠨ ᠤ ᠬᠥᠬᠡᠮᠳᠦᠭ ᠤᠰᠤ ᠶᠢ ᠬᠠᠮᠠᠭᠠᠯᠠᠭᠰᠠᠨ ᠠᠴᠠ ᠴᠥᠭᠦᠷᠥᠮ ᠤᠨ ᠣᠷᠣᠨ ᠤ ᠤᠰᠤ ᠨᠡᠩ ᠲᠤᠩᠭᠠᠯᠠᠭᠰᠢᠵᠤ᠂ ᠠᠭᠤᠯᠠ ᠨᠡᠩ ᠨᠣᠭᠤᠭᠠᠷᠠᠵᠤ᠂ ᠣᠷᠴᠢᠨ ᠲᠣᠭᠤᠷᠢᠨ ᠨᠡᠩ ᠭᠤᠶᠢᠳᠠ ᠰᠠᠶᠢᠬᠠᠨ ᠪᠣᠯᠤᠭᠰᠠᠨ ᠢ ᠰᠣᠨᠣᠰᠤᠭᠠᠳ ᠪᠢ ᠮᠠᠰᠢᠳᠠ ᠪᠠᠶᠠᠷᠯᠠᠵᠤ ᠪᠠᠶᠢᠨ᠎ᠠ ᠭᠡᠪᠡ᠃      ᠰᠢ ᠶᠢᠨ ᠫᠢᠩ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ᠂ ᠠᠯᠤᠰ ᠭᠡᠳᠦ ᠶᠢᠨ ᠬᠥᠭᠵᠢᠯᠲᠡ ᠪᠣᠯᠣᠨ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠤᠰᠤᠨ ᠰᠤᠷᠪᠤᠯᠵᠢ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ︽ᠴᠡᠪᠡᠷ ᠲᠤᠩᠭᠠᠯᠠᠭ ᠤᠰᠤ ᠶᠢ ᠡᠭᠦᠷᠢᠳᠡ ᠤᠮᠠᠷᠠᠰᠢ ᠪᠠᠨ ᠬᠦᠷᠭᠡᠬᠦ︾ ᠶᠢ ᠦᠨᠡᠨ ᠬᠦ ᠪᠠᠲᠤᠯᠠᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠤᠮ᠃ ᠲᠠ ᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠬᠥᠮᠥᠨ ᠢ ᠳᠠᠶᠢᠴᠢᠯᠠᠨ ᠤᠬᠠᠮᠰᠠᠷ ᠠᠴᠠ ᠪᠠᠨ ᠭᠤᠣᠯ ᠮᠥᠷᠡᠨ ᠢ ᠰᠠᠬᠢᠵᠤ ᠭᠤᠣᠯ ᠮᠥᠷᠡᠨ ᠢ ᠬᠠᠮᠠᠭᠠᠯᠠᠵᠤ ᠤᠰᠤ ᠶᠢ ᠠᠷᠪᠢᠯᠠᠨ ᠭᠠᠮᠨᠠᠵᠤ᠂ ᠬᠥᠬᠡᠮᠳᠦᠭ ᠠᠭᠤᠯᠠ ᠨᠢ ᠮᠥᠩᠬᠡ ᠨᠣᠭᠤᠭᠠᠨ ᠢᠶᠠᠷ ᠢᠶᠠᠨ᠂ ᠨᠣᠮᠢᠨ ᠤᠰᠤ ᠨᠢ ᠲᠠᠲᠠᠭᠤᠷᠠᠰᠢ ᠦᠭᠡᠢ ᠤᠷᠤᠰᠴᠤ᠂ ᠠᠭᠠᠷ ᠨᠢ ᠦᠷᠭᠦᠯᠵᠢ ᠴᠡᠪᠡᠷ ᠲᠤᠩᠭᠠᠯᠠᠭ ᠪᠠᠶᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠭᠠᠷ ᠬᠤᠯᠪᠣᠯᠴᠠᠨ ᠪᠦᠲᠦᠭᠡᠨ ᠪᠠᠶᠢᠭᠤᠯᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      2014 ᠣᠨ ᠳᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠢᠩᠬᠢᠨᠢ ᠪᠠᠷ ᠤᠰᠤ ᠨᠡᠪᠲᠡᠷᠡᠵᠦ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠡᠢ᠃ ᠠᠷᠪᠠᠨ ᠵᠢᠯ ᠤᠨ ᠲᠤᠷᠰᠢ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠴᠢᠬᠤᠯᠠ ᠤᠰᠤᠨ ᠰᠤᠷᠪᠤᠯᠵᠢ ᠶᠢᠨ ᠭᠠᠵᠠᠷ ᠪᠣᠯᠤᠭᠰᠠᠨ ᠤ ᠬᠤᠪᠢ ᠳᠤ᠂ ᠳ᠋ᠠᠨ ᠵᠢᠶᠠᠩ ᠺᠧᠦ ᠴᠥᠭᠦᠷᠥᠮ ᠤᠨ ᠣᠷᠣᠨ ᠤᠰᠤᠨ ᠤ ᠴᠢᠨᠠᠷ ᠤᠨ ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠶᠢᠨ ᠳᠤᠷᠠᠴᠤᠳ ᠢ ᠪᠠᠭᠲᠠᠭᠠᠭᠰᠠᠨ ᠥᠷᠭᠡᠨ ᠣᠯᠠᠨ ᠺᠠᠳ᠋ᠷ ᠣᠯᠠᠨ ᠲᠦᠮᠡᠨ ᠭᠤᠣᠯ ᠮᠥᠷᠡᠨ ᠢ ᠵᠠᠰᠠᠵᠤ ᠭᠤᠣᠯ ᠮᠥᠷᠡᠨ ᠢ ᠬᠠᠮᠠᠭᠠᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠳ᠋ᠠᠨ ᠵᠢᠶᠠᠩ ᠺᠧᠦ ᠴᠥᠭᠦᠷᠥᠮ ᠤᠨ ᠤᠰᠤᠨ ᠤ ᠴᠢᠨᠠᠷ ᠢ ᠲᠥᠷᠥᠯ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠲᠣᠭᠲᠠᠪᠤᠷᠢᠵᠢᠭᠤᠯᠤᠭᠰᠠᠨ ᠪᠠᠶᠢᠨ᠎ᠠ᠃ ᠣᠶᠢᠷ᠎ᠠ ᠳᠤ᠂ ᠬᠤᠪᠧᠢ ᠮᠤᠵᠢ ᠶᠢᠨ ᠱᠢ ᠶᠠᠨ ᠬᠤᠳᠠ ᠶᠢᠨ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠭᠤᠣᠯ ᠮᠥᠷᠡᠨ ᠢ ᠰᠠᠬᠢᠵᠤ ᠭᠤᠣᠯ ᠮᠥᠷᠡᠨ ᠢ ᠬᠠᠮᠠᠭᠠᠯᠠᠬᠤ ᠳᠤ ᠰᠠᠶᠢᠨ ᠳᠤᠷ᠎ᠠ ᠠᠴᠠ ᠪᠠᠨ ᠦᠢᠯᠡᠴᠢᠯᠡᠭᠰᠡᠨ  ᠵᠡᠷᠭᠡ  ᠪᠠᠶᠢᠳᠠᠯ ᠢᠶᠠᠨ ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠣᠮᠢᠨ ᠨᠣᠭᠤᠭᠠᠨ ᠤᠰᠤ ᠶᠢ ᠰᠠᠶᠢᠲᠤᠷ ᠬᠠᠮᠠᠭᠠᠯᠠᠬᠤ ᠡᠷᠡᠰ ᠪᠠᠲᠤ ᠵᠣᠷᠢᠭ ᠢᠶᠠᠨ ᠢᠯᠡᠳᠬᠡᠵᠡᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ