ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/15
      8 ᠰᠠᠷ᠎ᠠ ᠶᠢᠨ 14  ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠶᠢᠴᠠᠭᠠᠨ ᠰᠤᠳᠤᠯᠪᠠ᠃      8 ᠰᠠᠷ᠎ᠠ ᠶᠢᠨ 14 ᠋ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠷᠦᠩ ᠹᠸᠡᠭ ᠬᠡᠷᠡᠭ ᠡᠷᠬᠢᠯᠡᠬᠦ ᠭᠠᠵᠠᠷ ᠤᠨ ᠢ ᠹᠸᠡᠭᠲᠣᠰᠬᠤᠨ ᠤ ᠬᠤᠶᠠᠳᠤᠭᠠᠷ ᠳᠤᠭᠤᠶᠢᠯᠠᠩ ᠳᠤ ᠬᠦᠷᠴᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠬᠠᠮᠲᠤ ᠰᠠᠭᠤᠵᠤ᠂ ᠲᠣᠰᠬᠤᠨ ᠤ ᠪᠠᠶᠢᠳᠠᠯ ᠢᠶᠠᠨ ᠶᠠᠷᠢᠯᠴᠠᠵᠤ᠂ ᠣᠷᠣᠯᠭ᠎ᠠ ᠪᠠᠨ ᠪᠤᠳᠤᠵᠤ᠂ ᠬᠦᠰᠡᠯ ᠡᠷᠡᠮᠡᠯᠵᠡᠯ ᠢᠶᠠᠨ ᠶᠠᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠢᠭᠤᠷᠳᠠᠨ ᠤᠬᠠᠭᠤᠯᠤᠨ ᠲᠠᠶᠢᠯᠪᠤᠷᠢᠯᠠᠪᠠ᠃      ᠾᠧ ᠸᠧᠢ ᠬᠤᠸᠠ ᠷᠦᠩ ᠹᠸᠡᠭ ᠬᠡᠷᠡᠭ ᠡᠷᠬᠢᠯᠡᠬᠦ ᠭᠠᠵᠠᠷ ᠤᠨ ᠢ ᠹᠸᠡᠭ ᠲᠣᠰᠬᠤᠨ ᠤ ᠬᠤᠶᠠᠳᠤᠭᠠᠷ ᠳᠤᠭᠤᠶᠢᠯᠠᠩ ᠳᠤ ᠬᠦᠷᠴᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠵᠦᠮ᠂ ᠠᠯᠮᠤᠷᠠᠳ᠂ᠠᠯᠢᠮ᠎ᠠ ᠵᠡᠷᠭᠡ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠬᠠᠮᠲᠤ ᠰᠠᠭᠤᠯᠴᠠᠨ ᠲᠣᠰᠬᠤᠨ ᠤ ᠪᠠᠶᠢᠳᠠᠯ ᠢᠶᠠᠨ ᠶᠠᠷᠢᠯᠴᠠᠵᠤ᠂ ᠣᠷᠣᠯᠭ᠎ᠠ ᠪᠠᠨ ᠪᠤᠳᠤᠵᠤ᠂ ᠬᠦᠰᠡᠯ ᠡᠷᠡᠮᠡᠯᠵᠡᠯ ᠢᠶᠠᠨ ᠶᠠᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠢᠭᠤᠷᠳᠠᠨ ᠤᠬᠠᠭᠤᠯᠤᠨ ᠲᠠᠶᠢᠯᠪᠤᠷᠢᠯᠠᠪᠠ᠃ ᠲᠡᠷᠡ ᠬᠡᠯᠡᠭᠰᠡᠨ ᠨᠢ ᠂ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠬᠤ ᠶᠢᠨ ᠲᠥᠯᠥᠭᠡ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠡᠭᠦᠷᠭᠡ ᠶᠢ ᠴᠥᠮ ᠠᠷᠠᠳ ᠣᠯᠠᠨ ᠠᠩᠬᠠᠷᠴᠤ᠂ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠨᠢ ᠴᠥᠮ ᠬᠥᠭᠵᠢᠯᠲᠡ ᠶᠢ ᠦᠨᠡᠨ ᠪᠣᠳᠠᠲᠠᠢ ᠠᠬᠢᠭᠤᠯᠤᠭᠰᠠᠨ ᠶᠤᠮ᠃ ᠡᠯ᠎ᠡ ᠱᠠᠲᠤᠨ ᠤ ᠬᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ᠂ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠴᠠᠭ ᠲᠤᠬᠠᠢ ᠳᠤᠨᠢ ᠤᠯᠠᠮᠵᠢᠯᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠡᠵᠡᠨ ᠬᠥᠮᠥᠨ ᠤ ᠤᠬᠠᠮᠰᠠᠷ ᠢᠶᠠᠷ ᠥᠭᠡᠷᠡᠴᠢᠯᠡᠯᠲᠡ ᠬᠥᠭᠵᠢᠯᠲᠡ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠠᠰᠢᠭᠲᠠᠢ ᠪᠠᠶᠢᠳᠠᠯ ᠢ ᠠᠰᠢᠭᠯᠠᠨ ᠥᠭᠡᠷᠡᠴᠢᠯᠡᠯᠲᠡ ᠶᠢᠨ ᠲᠤᠷᠤᠨ᠎ᠠ ᠶᠢᠨ ᠰᠠᠯᠬᠢ ᠶᠢ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠯᠪᠠᠰᠤᠨ ᠨᠤᠲᠤᠭ ᠤᠨ ᠰᠤᠷᠲᠠᠯ ᠢ ᠢᠳᠡᠪᠬᠢᠲᠡᠢ ᠪᠣᠶᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠨᠡ ᠬᠦ ᠶᠡᠭᠡ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ ᠭᠡᠪᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ᠂ ᠪᠡᠯᠡ ᠮᠥᠩᠭᠦ᠂ ᠡᠳ᠋ ᠬᠥᠷᠥᠩᠭᠡ ᠶᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠰᠠᠶᠢᠲᠤᠷ ᠦᠢᠯᠡᠴᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠪᠣᠷᠣᠳᠣᠬᠤᠢ ᠶᠢᠨ ᠡᠬᠡ ᠭᠠᠵᠠᠷ ᠲᠤ ᠦᠨᠳᠦᠰᠦᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ᠃ ᠾᠧ ᠸᠧᠢ ᠬᠤᠸᠠ ᠪᠣᠷᠣᠭᠠᠨ ᠤ ᠳᠠᠷᠠᠭᠠᠬᠢ ᠲᠠᠷᠢᠶᠠᠯᠠᠩ ᠤᠨ ᠭᠠᠮᠰᠢᠭ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠨᠥᠬᠦᠪᠦᠷᠢ᠂ ᠳᠠᠭᠠᠳᠬᠠᠯ ᠤᠨ ᠲᠥᠯᠥᠪᠦᠷᠢ ᠵᠡᠷᠭᠡ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠣᠯᠠᠨ ᠲᠦᠮᠡᠨ ᠤ ᠬᠤᠬᠢᠷᠠᠯ ᠢ ᠪᠠᠭᠤᠷᠠᠭᠤᠯᠬᠤ ᠬᠡᠷᠡᠭᠲᠡᠢ ᠭᠡᠪᠡ᠃      8 ᠰᠠᠷ᠎ᠠ ᠶᠢᠨ 14  ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠨᠡᠷᠡᠨ ᠬᠤᠸᠠᠷ ‍ᠤᠨ‌ᠦᠷ᠎ᠡ ᠶᠢ ᠡᠳ᠋ᠰᠢᠭᠦᠯᠦᠨ ᠬᠠᠳᠠᠭᠠᠯᠠᠬᠤ ᠲᠥᠷᠥᠯ ᠵᠦᠢᠯ ᠤᠨ ᠲᠣᠭᠤᠷᠢᠭ ᠲᠤ ᠬᠦᠷᠴᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠾᠧ ᠸᠧᠢ ᠬᠤᠸᠠ ᠪᠠᠰᠠ ᠰᠠᠨ ᠷᠦᠢ ᠨᠡᠷᠡᠨ ᠬᠤᠸᠠᠷ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠡᠷᠡᠨ ᠬᠤᠸᠠᠷ ᠤᠨ ᠦᠷ᠎ᠡ ᠶᠢ ᠡᠳ᠋ᠰᠢᠭᠦᠯᠦᠨ ᠨᠥᠭᠡᠴᠡᠯᠡᠬᠦ ᠲᠥᠷᠥᠯ ᠵᠦᠢᠯ ᠤᠨ ᠲᠣᠭᠤᠷᠢᠭ᠂ ᠦᠶᠤᠸᠠᠨ ᠤ ᠱᠠᠪᠲᠠᠯ᠎ᠠ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠢ ᠢᠳᠡᠭᠡᠨ ᠤ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠴᠢᠭᠯᠡᠯ ᠢ ᠲᠣᠭᠲᠠᠭᠠᠵᠤ ᠂ ᠵᠠᠬ᠎ᠠ ᠳᠡᠯᠭᠡᠭᠦᠷ ᠤᠨ ᠤᠬᠠᠮᠰᠠᠷ᠂ ᠨᠠᠷᠢᠯᠢᠭ ᠪᠤᠳᠤᠬᠤ ᠤᠬᠠᠮᠰᠠᠷ᠂ ᠲᠥᠷᠥᠯ ᠲᠡᠮᠳᠡᠭ ᠤᠨ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠰᠡᠳᠬᠢᠬᠦᠢ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠬᠡᠯᠬᠢᠶ᠎ᠡ ᠶᠢ ᠤᠷᠲᠤᠳᠬᠠᠵᠤ᠂ ᠪᠣᠷᠤᠯᠠᠭᠤᠯᠭ᠎ᠠ ᠶᠢ ᠥᠷᠭᠡᠳᠬᠡᠵᠦ᠂ ᠵᠠᠬ᠎ᠠ ᠳᠡᠯᠭᠡᠭᠦᠷ ᠢ ᠥᠷᠭᠡᠳᠬᠡᠵᠦ᠂ ᠨᠠᠩ ᠣᠯᠠᠨ ᠦᠢᠯᠡᠳᠬᠦᠨ ᠤ ᠥᠷᠲᠡᠭ ᠢ ᠲᠤᠬᠠᠢ ᠶᠢᠨ ᠭᠠᠵᠠᠷ ᠲᠠᠭᠠᠨ ᠦᠯᠡᠳᠡᠭᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠪᠡ ᠃      8 ᠰᠠᠷ᠎ᠠ ᠶᠢᠨ 14  ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠦᠶᠤᠸᠠᠨ ᠰᠢᠶᠠᠨ ᠤ ᠣᠶ ᠰᠢᠭᠤᠢ ᠶᠢᠨ ᠬᠠᠮᠢᠶᠠᠷᠤᠨ ᠬᠠᠮᠠᠭᠠᠯᠠᠬᠤ ᠲᠥᠪ ᠤᠨ ᠴᠢᠬᠢ ᠮᠣᠳᠣᠨ ᠤ ᠬᠦᠷᠢᠶᠡᠯᠡᠩ ᠳᠤ ᠬᠦᠷᠴᠦ᠂ ᠡᠯ᠎ᠡ ᠲᠥᠷᠥᠯ ᠤᠨ ᠴᠢᠬᠢ ᠮᠣᠳᠣᠨ ᠤ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠥᠪᠡᠷ ᠤᠨ ᠥᠷᠲᠡᠭ ᠦᠷ᠎ᠡ ᠠᠰᠢᠭ ᠢ ᠨᠠᠷᠢᠨ ᠠᠰᠠᠭᠤᠪᠠ᠃      ᠦᠶᠤᠸᠠᠨ ᠰᠢᠶᠠᠨ ᠤ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠲᠤ᠂ ᠾᠧ ᠸᠧᠢ ᠬᠤᠸᠠ ᠴᠢᠬᠢ ᠮᠣᠳᠣᠨ ᠤ ᠬᠦᠷᠢᠶᠡᠯᠡᠩ ᠳᠤ ᠣᠷᠣᠵᠤ᠂ ᠡᠯ᠎ᠡ ᠲᠥᠷᠥᠯ ᠤᠨ ᠴᠢᠬᠢ ᠮᠣᠳᠣᠨ ᠤ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠥᠪᠡᠷ ᠤᠨ ᠥᠷᠲᠡᠭ ᠤᠨ ᠦᠷ᠎ᠡ ᠠᠰᠢᠭ ᠢ ᠨᠠᠷᠢᠨ ᠠᠰᠠᠭᠤᠪᠠ᠃ ᠲᠡᠷᠡ ᠬᠡᠯᠡᠭᠰᠡᠨ ᠨᠢ ᠂ ᠲᠤᠷᠰᠢᠯᠲᠠ ᠶᠢᠨ ᠣᠶ ᠰᠢᠭᠤᠢ ᠶᠢᠨ ᠲᠠᠯᠠᠪᠠᠶ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠬᠢᠷᠠᠮᠵᠢᠲᠠᠢ ᠭᠠᠵᠠᠷ ᠤᠨ ᠮᠣᠳᠣᠨ ᠤ ᠲᠥᠷᠥᠯ᠂ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠰᠤᠳᠤᠯᠭᠠᠨ ᠢ ᠴᠢᠩᠭᠠᠳᠬᠠᠵᠤ᠂ ︽ᠵᠠᠬᠢᠶᠠᠯᠠᠭ᠎ᠠ ᠪᠠᠷ ᠦᠢᠯᠡᠳᠪᠦᠷᠢᠯᠡᠬᠦ᠂ ᠬᠠᠨᠳᠤᠯᠭ᠎ᠠ ᠲᠠᠢ ᠪᠠᠷ ᠪᠣᠶᠢᠵᠢᠭᠤᠯᠬᠤ︾ ᠵᠡᠷᠭᠡ ᠵᠠᠭᠪᠤᠷ ᠢ ᠰᠦᠪᠡᠭᠴᠢᠯᠡᠵᠦ᠂ ᠬᠠᠲᠤᠨ ᠭᠤᠣᠯ ᠤᠨ ︽ᠬᠡᠳᠦᠨ ᠥᠰᠥᠭ ᠤᠨ ᠮᠤᠷᠤᠶᠢᠯᠲᠠ︾  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠴᠢᠬᠢ ᠶᠢᠨ ᠲᠣᠭᠲᠠᠭᠤᠨ ᠦᠨ᠎ᠡ ᠬᠠᠩᠰᠢ ᠶᠢ ᠪᠠᠲᠤᠯᠠᠬᠤ ᠬᠡᠷᠡᠭᠲᠡᠢ᠃ ᠬᠤᠲᠠ ᠶᠢᠨ ᠤᠳᠤᠷᠢᠳᠤᠯᠭ᠎ᠠ ᠷᠧᠨ ᠢ ᠴᠢᠶᠦ᠋ᠨ᠂ ᠠᠴᠢᠲᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ