ᠦᠶᠤᠸᠠᠨ ᠰᠢᠶᠠᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾  ᠶᠢ ᠤᠬᠠᠭᠤᠯᠤᠨ ᠲᠠᠶᠢᠯᠪᠤᠷᠢᠯᠠᠬᠤ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠮᠠᠰᠢ ᠴᠢᠬᠤᠯᠠ ᠬᠤᠷᠠᠯ ᠪᠣᠯᠣᠨ᠎ᠠ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠳᠠᠮᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠣᠯᠭᠠᠬᠤ ᠶᠢᠨ ᠲᠥᠯᠥᠭᠡ᠂ 8 ᠰᠠᠷ᠎ᠠ ᠶᠢᠨ 15 ᠋ ᠤ ᠡᠳᠦᠷ᠂ ᠦᠶᠤᠸᠠᠨ ᠰᠢᠶᠠᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ︾ ᠶᠢ ᠤᠬᠠᠭᠤᠯᠤᠨ ᠲᠠᠶᠢᠯᠪᠤᠷᠢᠯᠠᠬᠤ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠪᠠ᠃      ᠪᠣᠯᠪᠠᠰᠤᠷᠠᠯ ᠤᠨ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠢ ᠤᠷᠢᠵᠤ ᠨᠡᠷᠡᠨ ᠬᠤᠸᠠᠷ ᠤᠨ ᠣᠨᠣᠯ ᠤᠬᠠᠭᠤᠯᠤᠨ ᠲᠠᠶᠢᠯᠪᠤᠷᠢᠯᠠᠬᠤ ᠭᠡᠰᠢᠭᠦᠨ᠂ ᠡᠯ᠎ᠡ ᠰᠤᠮᠤ ᠪᠠᠯᠭᠠᠰᠤᠨ ᠤ ᠤᠬᠠᠭᠤᠯᠬᠤ ᠭᠡᠰᠢᠭᠦᠨ᠂ ᠤᠬᠠᠭᠤᠯᠬᠤ ᠠᠵᠢᠯᠯᠠᠭᠴᠢ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ 95 ᠬᠥᠮᠥᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃      ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠠᠮᠵᠢᠭᠤᠯᠵᠤ᠂ ᠪᠦᠬᠦ ᠰᠢᠶᠠᠨ ᠤ ᠤᠬᠠᠭᠤᠯᠤᠨ ᠲᠠᠶᠢᠯᠪᠤᠷᠢᠯᠠᠭᠴᠢ ᠳᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ︾ ᠶᠢ ᠤᠬᠠᠭᠤᠯᠤᠨ ᠲᠠᠶᠢᠯᠪᠤᠷᠢᠯᠠᠬᠤ ᠠᠵᠢᠯ ᠢ‌ᠥᠷᠨᠢᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠬᠠᠭᠤᠯᠤᠨ ᠲᠠᠶᠢᠯᠪᠤᠷᠢᠯᠠᠬᠤ ᠤᠳᠤᠷᠢᠳᠤᠮᠵᠢ ᠶᠢ ᠪᠠᠲᠤ ᠡᠵᠡᠮᠳᠡᠪᠡ᠃ ᠡᠭᠦᠨ ᠤ ᠬᠠᠮᠲᠤ᠂ ᠡᠯ᠎ᠡ ᠨᠢᠭᠡᠴᠢ ᠶᠢᠨ ᠬᠢᠨ ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠤᠬᠠᠭᠤᠯᠤᠨ ᠲᠠᠶᠢᠯᠪᠤᠷᠢᠯᠠᠭᠴᠢ ᠥᠪᠡᠷ ᠤᠨ ᠠᠵᠢᠯ ᠤᠨ ᠬᠦᠷᠢᠶᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠤᠰ ᠤᠨ ᠬᠦᠷᠢᠶ᠎ᠡ ᠬᠡᠪᠴᠢᠶᠡᠨ ᠳᠡᠭᠡᠨ ᠢᠳᠡᠪᠬᠢᠲᠡᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠺᠠᠳ᠋ᠷ ᠤᠯᠠᠨ ᠲᠦᠮᠡᠨ ᠲᠠᠢ ᠣᠶᠢᠷᠠᠳᠴᠤ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠯᠲᠠ ᠥᠷᠨᠢᠭᠦᠯᠬᠦ ᠬᠡᠷᠡᠭᠲᠡᠢ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ