ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
      8 ᠰᠠᠷ᠎ᠠ ᠶᠢᠨ 15  ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠤᠩ ᠬᠤᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠣᠶᠤᠨᠳᠠᠯᠠᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ︽ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠢ ᠲᠣᠭᠲᠠᠭᠠᠯ︾  ᠢ ᠨᠡᠶᠢᠲᠡᠯᠡᠪᠡ᠃ᠬᠤᠷᠠᠯ ᠠᠴᠠ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾  ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠶᠢ ᠪᠠᠲᠤᠳᠬᠠᠵᠤ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ ᠥᠷᠭᠡᠵᠢᠬᠦ᠂ ᠲᠤᠰᠬᠠᠢ ᠬᠦᠴᠦᠯᠡᠬᠦ᠂ ᠳᠣᠷᠣᠭᠰᠢ ᠥᠷᠭᠡᠵᠢᠬᠦ ᠶᠢ ᠦᠨᠡᠨ ᠬᠦ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ ᠂ ᠰᠢᠶᠠᠨ ᠤ ᠨᠠᠮ ᠤᠨ ᠬᠤᠷᠢᠶᠠᠨ ᠤ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ︾  ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠭᠰᠠᠨ᠂ ᠤᠳᠤᠷᠢᠳᠬᠤ ᠪᠠᠭ ᠤᠨ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠤᠭᠰᠠᠨ ᠵᠡᠷᠭᠡ ᠪᠠᠶᠢᠳᠠᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠳᠣᠪᠤᠶᠢᠯᠭᠠᠵᠤ᠂ ᠠᠵᠢᠯ ᠤᠨ ᠠᠷᠭ᠎ᠠ ᠬᠡᠯᠪᠡᠷᠢ ᠶᠢ ᠴᠢᠬᠤᠯᠠᠴᠢᠯᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠬᠤᠯᠠᠴᠢᠯᠠᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠬᠤᠷᠴᠠ ᠵᠡᠪᠰᠡᠭ ᠤᠨ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠴᠠᠭᠳᠠᠨ ᠪᠠᠶᠢᠴᠠᠭᠠᠭᠳᠠᠬᠤ ᠨᠢᠭᠡᠴᠡ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠪᠠ ᠲᠣᠬᠢᠷᠠᠭᠤᠯᠤᠯᠲᠠ ᠶᠢ ᠡᠷᠡᠰ ᠳᠠᠭᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠠᠶᠢᠳᠠᠯ ᠢ ᠣᠶᠢᠯᠠᠭᠠᠬᠤ᠂ ᠠᠰᠠᠭᠤᠳᠠᠯ ᠢ ᠢᠯᠡᠷᠡᠭᠦᠯᠬᠦ ᠳᠤ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠨᠥᠬᠦᠴᠡᠯ ᠪᠦᠷᠢᠯᠳᠦᠭᠦᠯᠵᠦ᠂ ᠬᠠᠪᠰᠤᠷᠤᠯᠭ᠎ᠠ ᠬᠠᠩᠭᠠᠬᠤ ᠬᠡᠷᠡᠭᠲᠡᠢ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠡᠳᠦᠷ ᠲᠤᠳᠤᠮ ᠤᠨ ᠬᠢᠨᠠᠯᠲᠠ ᠲᠠᠯᠪᠢᠬᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠪᠡᠯ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠴᠠᠭ ᠨᠢ ᠬᠤᠶᠠᠷ ᠰᠠᠷ᠎ᠠ ᠬᠠᠭᠠᠰ ᠣᠷᠴᠢᠮ ᠪᠠᠶᠢᠵᠤ᠂ ᠨᠡᠶᠢᠲᠡ 6 ᠲᠣᠭᠤᠷᠢᠨ ᠪᠠᠶᠢᠴᠠᠭᠠᠬᠤ ᠳᠤᠭᠤᠶᠢᠯᠠᠩ ᠰᠣᠩᠭᠤᠨ ᠲᠣᠮᠢᠯᠠᠵᠤ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠵᠡᠷᠭᠡ 38 ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ