ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠰᠢᠤ ᠸᠧᠨ‌‍ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/16
      8 ᠰᠠᠷ᠎ᠠ ᠶᠢᠨ 15 ᠋ ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠰᠢᠤ ᠸᠧᠨ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠬᠦᠷᠴᠦ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠋ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠡᠯ᠎ᠡ ᠵᠦᠢᠯ ᠤᠨ ᠠᠵᠢᠯ ᠢ ᠰᠢᠨᠵᠢᠯᠡᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ‍ᠤ‌‍ᠰᠢᠶᠠᠨ ᠤ ᠳᠡᠳ᠋ ᠳᠠᠷᠤᠭ᠎ᠠ ᠮᠥᠩᠬᠡᠴᠢᠯᠠᠭᠤ ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠰᠢᠶᠠ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃      ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠩ ᠶᠠ B ᠲᠣᠭᠤᠷᠢᠭ ᠤᠨ ᠢᠯᠴᠢ ᠰᠣᠯᠢᠬᠤ ᠥᠷᠲᠡᠭᠡ᠂ ᠬᠤᠩ ᠶᠠ B ᠢᠯᠭᠠᠮᠵᠢ ᠶᠢᠨ ᠣᠷᠣᠨ ᠰᠠᠭᠤᠴᠠ ᠶᠢᠨ ᠲᠣᠭᠤᠷᠢᠭ᠂ ᠬᠠᠨ ᠶᠤᠸᠠᠨ ᠬᠤᠸᠠ ᠲᠢᠩ ᠢᠯᠴᠢ ᠰᠣᠯᠢᠬᠤ ᠥᠷᠲᠡᠭᠡ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠴᠢᠩ ᠶᠤᠸᠠᠨ ᠢᠯᠴᠢ ᠰᠣᠯᠢᠬᠤ ᠥᠷᠲᠡᠭᠡ᠂ ᠢᠯᠴᠢ ᠬᠠᠩᠭᠠᠬᠤ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠤᠷᠪᠤᠯᠵᠢᠯᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ 2024 ᠣᠨ ᠤ ᠢᠯᠴᠢ ᠬᠠᠩᠭᠠᠬᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾  ᠤᠨ ᠲᠥᠷᠥᠯ ᠵᠦᠢᠯ ᠤᠨ ᠠᠬᠢᠴᠠ᠂ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ᠂ ᠭᠠᠷᠳᠠᠮ ᠭᠦᠢᠴᠡᠳᠬᠡᠬᠦ᠂ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠵᠡᠷᠭᠡ ᠡᠯ᠎ᠡ ᠲᠠᠯ᠎ᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠵᠢᠭᠠᠵᠦ ᠭᠠᠷᠭᠠᠭᠰᠠᠨ ᠨᠢ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠣᠯᠠᠨ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠪᠦᠲᠦᠭᠡᠨ ᠪᠠᠶᠢᠭᠤᠯᠬᠤ᠂ ᠥᠭᠡᠷᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠬᠢᠵᠦ᠂ ᠨᠠᠷᠢᠯᠢᠭ ᠬᠢᠵᠦ᠂ ᠰᠠᠶᠢᠲᠤᠷ ᠬᠢᠬᠦ ᠬᠡᠷᠡᠭᠲᠡᠢ᠃ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠋ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠢᠨᠵᠧᠨᠧᠷᠢᠩ ᠢ ᠡᠷᠲᠡᠬᠡᠨ ᠳᠠᠭᠤᠰᠬᠠᠵᠤ᠂ ᠤᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠪᠡ᠃      ᠮᠥᠩᠬᠡᠴᠢᠯᠠᠭᠤ ᠢᠯᠡᠷᠭᠡᠶᠢᠯᠡᠭᠰᠡᠨ ᠨᠢ ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ᠂ ᠠᠷᠠᠳ ᠤᠨ ᠠᠷᠭ᠎ᠠ ᠪᠣᠳᠣᠯᠭ᠎ᠠ ᠶᠢ ᠠᠰᠠᠭᠤᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ᠢᠨᠵᠧᠨᠧᠷᠢᠩ ᠢ ᠠᠬᠢᠭᠤᠯᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ᠮᠠᠨ ᠤ ᠰᠢᠶᠠᠨ ᠤ ᠳᠤᠯᠠᠭᠠᠯᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ