ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/8/19
      8 ᠰᠠᠷ᠎ᠠ ᠶᠢᠨ 18 ᠤ ᠡᠳᠦᠷ᠂ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ‌‍ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ‌‍ᠱᠦ᠋ᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠵᠤ᠂ᠦᠨᠡᠨ ᠠᠴᠠ ᠵᠥᠪ ᠢ ᠡᠷᠢᠵᠦ ᠬᠥᠭᠵᠢᠯᠲᠡ ᠶᠢ ᠡᠷᠢᠯᠬᠢᠯᠡᠨ᠂ᠬᠥᠭᠵᠢᠯᠲᠡ ᠶᠢ ᠠᠳᠬᠤᠵᠤ᠂ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ᠦᠷᠭᠦᠯᠵᠢᠯᠡᠨ ᠬᠦᠴᠦᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠂ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ᠠᠷᠭ᠎ᠠ ᠪᠦᠭᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ᠡᠯ᠎ᠡ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂︽ᠠᠷᠪᠢᠴᠢ ᠭᠠᠮᠲᠠᠢ ᠠᠮᠢᠳᠤᠷᠠᠬᠤ︾ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠷᠦᠩᠬᠡᠶᠢᠯᠡᠭᠰᠡᠨ ᠡᠳ᠋ ᠤᠨ ᠬᠦᠴᠦᠨ ᠢ ᠪᠤᠵᠠᠭᠠᠶᠢᠷᠠᠭᠤᠯᠵᠤ᠂ᠰᠢᠨ᠎ᠡ ᠥᠷᠢ ᠥᠭᠴᠡᠭᠡ ᠨᠡᠮᠡᠭᠳᠡᠬᠦ ᠶᠢ ᠡᠷᠡᠰ ᠬᠤᠷᠢᠭᠯᠠᠵᠤ᠂ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠪᠦᠭᠦ ᠬᠦᠴᠦᠨ ᠢᠶᠠᠷ ᠰᠠᠶᠢᠲᠤᠷ ᠬᠢᠵᠦ᠂ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠢᠨ‌‍ᠲ᠋ᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠵᠢ‌ᠤᠯᠠᠮᠵᠢᠯᠠᠨ ᠰᠤᠷᠤᠯᠴᠠᠵᠦ᠂ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠵᠢᠨ‌ᠭᠤᠷᠪᠠᠳᠤᠭᠠᠷ ᠪᠦᠭᠦᠲᠠ ᠬᠤᠷᠠᠯ ᠤᠨ ︽ᠲᠣᠭᠲᠠᠭᠠᠯ︾ ᠳ᠋ᠤ᠋‌‍ᠲ᠋ᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠠᠯᠳᠠᠭ᠎ᠠ ᠪᠤᠷᠤᠭᠤ ᠪᠠᠨ ᠵᠠᠯᠠᠷᠠᠭᠤᠯᠬᠤ᠂ᠲᠣᠭᠲᠠᠴᠠ ᠪᠠᠨ ᠥᠭᠡᠷᠡᠴᠢᠯᠡᠬᠦ᠂ᠪᠠᠶᠢᠷᠢᠯᠠᠭᠤᠯᠤᠯᠲᠠ ᠪᠠᠨ ᠥᠭᠡᠷᠡᠴᠢᠯᠡᠬᠦ᠂ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠᠬᠢ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ᠨᠡᠶᠢᠭᠡᠮ ᠤᠨ ᠵᠠᠰᠠᠯᠲᠠ ᠶᠢᠨ ᠲᠦᠪᠰᠢᠨ᠂ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ᠥᠭᠡᠷᠡᠴᠢᠯᠡᠯᠲᠡ ᠶᠢ ᠠᠯᠢ ᠲᠦᠷᠭᠡᠨ ᠢᠶᠠᠷ︽ᠦᠷ᠎ᠡ ᠪᠦᠲᠦᠮᠵᠢ︾ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ