︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ - ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠳᠦᠶ᠎ᠡ
ᠨᠡᠶᠢᠲᠡᠯᠡᠭᠰᠡᠨ ᠴᠠᠭ᠄
2024/8/2
      8 ᠰᠠᠷ᠎ᠠ ᠶᠢᠨ 1 ᠤ ᠡᠳᠦᠷ ᠬᠡᠪᠯᠡᠭᠳᠡᠬᠦ 15 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ 2022 ᠣᠨ ᠤ 10 ᠰᠠᠷ᠎ᠠ ᠶᠢᠨ 16 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠤᠨ ᠨᠢᠭᠡ ᠬᠡᠰᠡᠭ ᠪᠤᠯᠬᠤ ︽ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠳᠦᠶ᠎ᠡ︾ ᠶᠢ ᠨᠡᠶᠢᠲᠡᠯᠡᠪᠡ᠃      ᠵᠣᠬᠢᠶᠠᠯ ᠳᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠤ ᠴᠡᠷᠢᠭ ᠠᠩᠭᠢ ᠪᠣᠯᠭᠠᠨ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠬᠢᠵᠦ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂  ᠲᠡᠮᠡᠴᠡᠬᠦ ᠶᠢᠨ ᠳᠠᠭᠠᠤ ᠳᠠᠶᠢᠨ ᠳᠤ ᠪᠡᠯᠡᠳᠬᠡᠬᠦ᠂ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠡᠭᠦᠷᠢᠳᠡ ᠨᠠᠮ ᠤᠨ ᠵᠢᠯᠣᠭᠤᠳᠤᠯᠭ᠎ᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠴᠡᠷᠢᠭ ᠠᠩᠭᠢ ᠶᠢᠨ ᠢᠯᠠᠭᠤᠭᠰᠠᠨ ᠲᠠᠶᠢᠨ ᠬᠢᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ ᠬᠦᠴᠦᠨ ᠤ ᠪᠦᠲᠦᠴᠡ ᠶᠢᠨ ᠪᠦᠷᠢᠯᠳᠦᠯ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠢ ᠰᠢᠰᠲ᠋ᠧᠮᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠣᠯᠣᠨ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ ᠪᠠᠭᠠᠲᠤᠷᠯᠢᠭ ᠴᠡᠷᠢᠭ ᠠᠩᠭᠢ ᠮᠥᠨ᠂ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠲᠠᠢ᠂ ᠴᠢᠳᠠᠪᠤᠷᠢ ᠲᠠᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠢᠲᠡᠭᠡᠯ ᠲᠠᠢ᠂ ᠴᠢᠳᠠᠪᠤᠷᠢ ᠲᠠᠢ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠢᠲᠡᠭᠡᠯ ᠲᠠᠢ᠂ ᠴᠢᠳᠠᠪᠤᠷᠢ ᠲᠠᠢ ᠶᠤᠮ︕ ᠭᠡᠵᠦ ᠴᠢᠬᠤᠯᠠᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ