ᠰᠢ ᠶᠢᠨ ᠫᠢᠩ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠳ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠪᠠ
ᠨᠡᠶᠢᠲᠡᠯᠡᠭᠰᠡᠨ ᠴᠠᠭ᠄
2024/8/2
      ᠣᠶᠢᠷ᠎ᠠ ᠳᠤ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠦ ᠫᠧᠢ ᠴᠢᠩ᠂ ᠼᠤᠤ ᠴᠢ ᠶᠦᠩ ᠵᠡᠷᠭᠡ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠪᠠ᠃      ᠰᠢ ᠶᠢᠨ ᠫᠢᠩ᠂ ᠤᠯᠠᠨ ᠵᠢᠯ ᠤᠨ ᠲᠤᠷᠰᠢ᠂ ᠲᠠ ᠨᠠᠷ ᠠᠬᠠᠮᠠᠳ ᠨᠢᠭᠡ ᠦᠶ᠎ᠡ ᠶᠢᠨ ᠬᠢᠨ ᠤ ᠤᠯᠤᠰ ᠢᠶᠠᠨ ᠬᠠᠶᠢᠷᠠᠯᠠᠬᠤ ᠨᠤᠲᠤᠭ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠢᠳᠡᠪᠬᠢᠲᠡᠢ ᠪᠠᠷ ᠰᠢᠨ᠎ᠡ ᠶᠢ ᠡᠭᠦᠳᠦᠨ ᠦᠢᠯᠡᠰ ᠪᠣᠰᠬᠠᠵᠤ᠂ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠵᠦ᠂ ᠨᠤᠲᠤᠭ ᠤᠰᠤᠨ ᠤ  ᠪᠦᠲᠦᠭᠡᠨ ᠪᠠᠶᠢᠭᠤᠯᠤᠯᠲᠠ ᠪᠣᠯᠣᠨ ᠤᠯᠤᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠦᠶ᠎ᠡ ᠳᠠᠮᠵᠢᠨ ᠤᠯᠠᠮᠵᠢᠯᠠᠭᠳᠠᠭᠰᠠᠨ ᠤᠯᠤᠰ ᠢᠶᠠᠨ ᠬᠠᠶᠢᠷᠠᠯᠠᠬᠤ ᠰᠡᠳᠬᠢᠯᠭᠡ᠂ ᠨᠤᠲᠤᠭ ᠤᠰᠤᠨ ᠤ ᠬᠠᠶᠢᠷ᠎ᠠ ᠰᠡᠳᠬᠢᠯᠭᠡ ᠪᠠᠨ ᠪᠣᠳᠠᠲᠠᠶᠢᠵᠢᠭᠤᠯᠵᠠᠢ  ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠦᠭᠦ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠯᠴᠠᠨ ᠲᠡᠮᠡᠴᠡᠬᠦ ᠬᠡᠷᠡᠭᠲᠡᠢ᠃ ᠲᠠ ᠨᠠᠷ ᠤᠨ ᠲᠤᠰ ᠲᠤᠰ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠲᠠᠯ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠣᠶᠢᠷ᠎ᠠ ᠦᠶ᠎ᠡ ᠠᠴᠠ ᠨᠠᠭᠠᠰᠢ᠂ ᠨᠢᠩᠪᠦ᠋ᠸᠧ ᠶᠢᠨ ᠨᠢᠭᠡ ᠪᠦᠯᠦᠭ ᠬᠥᠮᠥᠰ ᠨᠢᠩᠪᠦ᠋ᠸᠧ ᠠᠴᠠ ᠭᠠᠷᠴᠤ᠂ ᠠᠵᠤ ᠦᠢᠯᠡᠳᠪᠦᠷᠢ ᠶᠢ ᠴᠢᠬᠤᠯᠠᠴᠢᠯᠠᠨ ᠬᠤᠳᠠᠯᠳᠤᠭ᠎ᠠ ᠶᠢ ᠬᠥᠭᠵᠢᠭᠦᠯᠵᠦ᠂ ᠠᠭᠠᠵᠢᠮ ᠢᠶᠠᠷ ᠡᠬᠡ ᠤᠯᠤᠰ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠳᠥᠷᠪᠡᠨ ᠵᠦᠭ ᠢ ᠵᠣᠷᠢᠬᠤ ᠬᠤᠳᠠᠯᠳᠤᠭᠠᠴᠢᠨ ᠤ ᠬᠠᠮᠲᠤᠯᠢᠭ ᠢ ᠪᠦᠷᠢᠯᠳᠦᠭᠦᠯᠵᠦ᠂ ᠪᠦᠦ ᠢᠦᠢ ᠭᠠᠩ᠂ ᠱᠤᠤ ᠢ ᠹᠦ᠋ ᠵᠡᠷᠭᠡ ᠤᠯᠤᠰ ᠢᠶᠠᠨ ᠬᠠᠶᠢᠷᠠᠯᠠᠵᠤ ᠨᠤᠲᠤᠭ ᠤᠰᠤ ᠪᠠᠨ ᠬᠠᠶᠢᠷᠠᠯᠠᠳᠠᠭ ᠨᠠᠷᠠᠲᠤ ᠬᠥᠮᠥᠰ ᠴᠣᠯᠭᠤᠷᠠᠨ ᠭᠠᠷᠴᠤ᠂ ᠡᠬᠡ ᠤᠯᠤᠰ ᠪᠣᠯᠣᠨ ᠨᠤᠲᠤᠭ ᠤᠰᠤᠨ ᠤ ᠪᠠᠨ  ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ  ᠦᠵᠡᠭᠦᠯᠵᠦ᠂ ︽ᠨᠢᠩᠪᠦ᠋ᠸᠧ ᠶᠢᠨ ᠪᠦᠯᠦᠭ︾ ᠬᠡᠮᠡᠭᠳᠡᠪᠡ᠃ 1984 ᠣᠨ ᠳᠤ᠂ ᠳ᠋ᠧᠩ ᠰᠢᠶᠣᠣ ᠫᠢᠩ ᠨᠥᠬᠦᠷ ︽ᠪᠦᠭᠦ ᠳᠡᠯᠡᠬᠡᠢ ᠶᠢᠨ ︿ᠨᠢᠩᠪᠦ᠋ᠸᠧ ᠶᠢᠨ ᠪᠦᠯᠦᠭ﹀ ᠢ ᠪᠦᠷ ᠳᠠᠶᠢᠴᠢᠯᠠᠵᠤ ᠨᠢᠩᠪᠦ᠋ᠸᠧ ᠶᠢ ᠪᠦᠲᠦᠭᠡᠨ ᠪᠠᠶᠢᠭᠤᠯᠰᠤᠭᠠᠢ︾ ᠭᠡᠵᠦ ᠵᠢᠭᠠᠪᠤᠷᠢᠯᠠᠪᠠ᠃ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ︽ᠨᠢᠩᠪᠦ᠋ᠸᠧ ᠶᠢᠨ ᠪᠦᠯᠦᠭ︾ ᠤᠨ ᠬᠥᠮᠥᠰ ᠢ ᠣᠯᠠᠨ ᠤᠳᠠᠭ᠎ᠠ ᠬᠠᠯᠠᠮᠵᠢᠯᠠᠵᠤ ᠪᠠᠶᠢᠬᠤ ᠪᠥᠭᠡᠳ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠬᠤ ᠪᠠᠨ ᠢᠯᠡᠳᠬᠡᠪᠡ᠃ ᠣᠶᠢᠷ᠎ᠠ ᠳᠤ᠂ ᠪᠦᠦ ᠫᠧᠢ ᠴᠢᠩ᠂ ᠼᠤᠤ ᠴᠢ ᠶᠦᠩ ᠵᠡᠷᠭᠡ ᠰᠢᠶᠠᠩᠭᠠᠩ ᠳᠤ ᠪᠠᠶᠢᠭ᠎ᠠ ︽ᠨᠢᠩᠪᠦ᠋ᠸᠧ ᠶᠢᠨ ᠪᠦᠯᠦᠭ︾ ᠤᠨ ᠬᠤᠶᠢᠴᠢ ᠦᠶ᠎ᠡ ᠶᠢᠨ ᠬᠢᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ ᠲᠡᠳᠡᠨ ᠤ ᠠᠬᠠᠮᠠᠳ ᠦᠶ᠎ᠡ ᠶᠢᠨ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠵᠠᠯᠭᠠᠮᠵᠢᠯᠠᠵᠤ᠂ ᠤᠯᠤᠰ ᠤᠨ ᠬᠥᠭᠵᠢᠯᠲᠡ ᠳᠤ ᠢᠳᠡᠪᠬᠢᠲᠡᠢ ᠦᠢᠯᠡᠴᠢᠯᠡᠵᠦ ᠪᠠᠶᠢᠭ᠎ᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠬᠡ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠭᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ