ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 16 ᠤ ᠡᠳᠦᠷ᠂ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ‌‍ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ᠶᠡᠷᠦᠩᠬᠡᠢ ᠱᠦᠵᠢ ᠰᠢ ᠵᠢᠨ‌‍ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ‌‍ᠱᠦ᠋ᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠵᠢᠨ‌‍ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ᠰᠢ ᠵᠢᠨ‌‍ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ᠮᠠᠨ ᠤ ᠣᠷᠣᠨ ᠤ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ᠰᠣᠶᠣᠯ ᠪᠠ ᠪᠠᠶᠢᠭᠠᠯᠢ ᠶᠢᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ᠰᠣᠶᠣᠯ ᠪᠠ ᠪᠠᠶᠢᠭᠠᠯᠢ ᠶᠢᠨ ᠥᠪ ᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ ᠢᠳᠡᠪᠬᠢᠲᠡᠢ ᠥᠷᠨᠢᠭᠦᠯᠵᠦ᠂ᠬᠠᠮᠠᠭᠠᠯᠠᠬᠤ ᠶᠢᠨ ᠳᠠᠭᠠᠤ ᠬᠥᠭᠵᠢᠭᠦᠯᠵᠦ᠂ᠬᠥᠭᠵᠢᠭᠦᠯᠬᠦ ᠶᠢᠨ ᠳᠠᠭᠠᠤ ᠬᠠᠮᠠᠭᠠᠯᠠᠬᠤ ᠬᠡᠷᠡᠭᠲᠡᠢ᠃︽ᠪᠠᠳᠠᠢ ᠶᠢᠨ ᠵᠢᠷᠠᠨ ᠤ ᠡᠯᠡᠰᠦ -ᠡᠯᠡᠰᠦᠨ ᠴᠣᠬᠢᠶ᠎ᠠ ᠨᠠᠭᠤᠷ ᠪᠦᠷᠢᠳᠦ ᠵᠢᠨ‌‍ᠪᠦ᠋ᠯᠦᠭᠵᠢᠯ︾ ‍ᠤᠨ‌‍ᠲ᠋ᠡᠯᠡᠬᠡᠢ ᠵᠢᠨ‌ᠥᠪ ᠢᠶᠠᠷ ᠪᠦᠷᠢᠳᠬᠡᠭᠦᠯᠦᠭᠰᠡᠨ ᠲᠤᠷᠰᠢᠯᠭ᠎ᠠ ᠶᠢ ᠳ᠋ᠦᠩᠨᠡᠬᠦ ᠪᠠ ᠵᠠᠯᠭᠠᠮᠵᠢ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ᠪᠠᠳᠠᠢ ᠶᠢᠨ ᠵᠢᠷᠠᠨ ᠤ ᠤᠯᠤᠰ ᠤᠨ ᠴᠡᠴᠡᠷᠯᠢᠭ ᠢ ᠪᠠᠶᠢᠭᠤᠯᠬᠤ ᠪᠠᠷ‌ᠭᠤᠶᠤᠴᠢᠯᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ᠳᠡᠯᠡᠬᠡᠢ ᠵᠢᠨ‌ᠥᠪ ᠢᠶᠠᠷ ᠠᠮᠵᠢᠯᠲᠠ ᠲᠠᠢ ᠪᠦᠷᠢᠳᠬᠡᠭᠦᠯᠦᠭᠰᠡᠨ ᠶᠠᠪᠤᠳᠠᠯ ᠢᠶᠠᠷ ᠠᠵᠠ ᠲᠣᠭᠢᠶᠠᠯ ᠪᠣᠯᠭᠠᠨ᠂ᠮᠠᠨ ᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠪᠠᠶᠢᠭᠠᠯᠢ ᠶᠢᠨ ᠥᠪ ᠢ ᠬᠠᠮᠠᠭᠠᠯᠠᠭᠰᠠᠨ ᠦᠷ᠎ᠡ ᠪᠦᠲᠦᠮᠵᠢ ᠶᠢ ᠶᠡᠭᠡ ᠪᠠᠷ‌ᠤᠬᠠᠭᠤᠯᠵᠤ᠂ᠤᠯᠤᠰ ᠤᠨ ᠳᠣᠲᠣᠭᠠᠳᠤ ᠭᠠᠳᠠᠭᠠᠳᠤ ᠳᠠᠬᠢ ᠥᠪᠥᠷ ᠮᠣᠩᠭᠤᠯ ᠤᠨ ᠠᠯᠳᠠᠷᠰᠢᠯ ᠤᠨ ᠬᠡᠮᠵᠢᠶ᠎ᠡ᠂ᠰᠠᠶᠢᠬᠠᠨ ᠨᠡᠷ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠵᠢᠨ‌‍ᠫᠢᠩ ᠤᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠳ᠋ᠤ᠋‌ᠥᠭᠭᠦᠭᠰᠡᠨ ᠬᠠᠷᠢᠭᠤ ᠵᠠᠬᠢᠳᠠᠯ᠂ᠬᠤᠪᠧᠢ ᠶᠢᠨ ᠱᠢ ᠶᠠᠨ ᠤ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠲᠤ ᠥᠭᠭᠦᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠤᠷᠤᠯᠴᠠᠵᠤ᠂ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ᠥᠪᠥᠷ ᠮᠣᠩᠭᠤᠯ ᠤᠨ ᠠᠷᠠᠯᠵᠢᠶᠠᠴᠢᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ᠂ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠡᠩᠨᠡᠭᠡ ᠶᠢᠨ ᠦᠢᠯᠡᠳᠦᠯ ᠢ ᠪᠠᠳᠠᠷᠠᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠢ‌‍ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ