ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠄ 2024 ᠣᠨ ᠤ 1 - 7 ᠳ᠋ᠤᠭᠠᠷ ᠰᠠᠷ᠎ᠠ ᠳᠤ᠂ ᠥᠪᠥᠷ | ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠭᠰᠠᠨ | ᠬᠡᠮᠵᠢᠶ᠎ᠡ ᠨᠢ ᠪᠥᠬᠦ ᠤᠯᠤᠰ ᠲᠠᠬᠢ ᠨᠢᠭᠡᠳᠦᠭᠡᠷ ᠪᠠᠶᠢᠷᠢ ᠪᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ | ᠣᠯᠠᠨ ᠵᠦᠢᠯ ᠤᠨ ᠭᠦᠢᠴᠡᠳᠬᠡᠯ ᠲᠤᠭ᠎ᠠ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠲᠦᠭᠦᠬᠡᠢ ᠨᠡᠭᠦᠷᠡᠰᠦᠨ ᠤ ᠦᠢᠯᠡᠳᠪᠦᠷᠢᠯᠡᠯ ᠠᠴᠠ ᠦᠵᠡᠪᠡᠯ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠢ 7.38 ᠳ᠋ᠦᠩᠰᠢᠭᠤᠷ ᠲᠣᠨ ᠪᠠᠶᠢᠵᠤ᠂ ᠪᠥᠬᠦ ᠤᠯᠤᠰ ᠤᠨ ᠲᠡᠷᠢᠭᠦᠨ ᠳᠤ | ᠣᠷᠣᠪᠠ︔ ᠲᠦᠭᠦᠬᠡᠢ ᠨᠡᠭᠦᠷᠡᠰᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠪᠠᠨ 4.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ | ᠬᠠᠭᠠᠰ ᠵᠢᠯ ᠤᠨ ᠬᠢ ᠠᠴᠠ ᠪᠠᠨ 0.4 ᠵᠠᠭᠤᠨ ᠤ ᠴᠡᠭ ᠲᠦᠷᠭᠡᠳᠪᠡ᠃ ᠡᠭᠦᠨ ᠳᠤ᠂ 7 ᠳ᠋ᠤᠭᠠᠷ ᠰᠠᠷ᠎ᠠ ᠳᠤ ᠲᠦᠭᠦᠬᠡᠢ ᠨᠡᠭᠦᠷᠡᠰᠦᠨ ᠤ ᠭᠠᠷᠤᠯᠲᠠ ᠨᠢ 1.04 | ᠳ᠋ᠦᠩᠰᠢᠭᠤᠷ ᠲᠣᠨ ︵ᠠᠳᠠᠯᠢ ᠬᠤᠭᠤᠴᠠᠭᠠᠨ ᠤ ᠬᠢ ᠠᠴᠠ ᠪᠠᠨ 6.7% ᠪᠠᠷ ᠨᠡᠮᠡᠭᠳᠡᠪᠡ︶ ᠪᠠᠶᠢᠵᠤ᠂ 5 ᠰᠠᠷ᠎ᠠ ᠳᠠᠷᠠᠭᠠᠯᠠᠨ ᠳ᠋ᠦᠩᠰᠢᠭᠤᠷ ᠲᠣᠨ ᠠᠴᠠ ᠳᠡᠭᠡᠭᠰᠢ | ᠪᠠᠶᠢᠬᠤ ᠶᠢ ᠪᠠᠲᠤᠯᠠᠪᠠ᠃ | ᠭᠤᠣᠯ ᠭᠠᠷᠤᠯᠲᠠ ᠶᠢᠨ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠣᠷᠳᠣᠰ | ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠢ 5.1 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 4.7% ᠪᠠᠷ ᠨᠡᠮᠡᠭᠳᠡᠨ᠂ | ᠪᠥᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ ᠲᠦᠭᠦᠬᠡᠢ | ᠨᠡᠭᠦᠷᠡᠰᠦᠨ ᠤ ᠭᠠᠷᠤᠯᠲᠠ ᠨᠢ 0.8 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠨ᠂ ᠪᠥᠬᠦ ᠣᠷᠣᠨ ᠤ ᠲᠦᠭᠦᠬᠡᠢ | ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.9 ᠵᠠᠭᠤᠨ ᠤ ᠴᠡᠭ ᠳᠠᠶᠢᠴᠢᠯᠠᠪᠠ᠃ ᠬᠤᠶᠠᠷ ᠠᠶᠢᠮᠠᠭ ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠡᠶᠢᠯᠡᠭᠡᠳ | ᠪᠦᠬᠦ ᠣᠷᠣᠨ ᠤ 80% ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃ | ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 4620.1 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ ᠤᠯᠤᠰ ᠤᠨ | ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ ᠪᠠᠨ 10.9% ᠪᠠᠷ ᠨᠡᠮᠡᠭᠳᠡᠪᠡ᠃ ᠡᠭᠦᠨ ᠳᠤ᠂ 7 ᠳ᠋ᠤᠭᠠᠷ ᠰᠠᠷ᠎ᠠ ᠶᠢᠨ ᠴᠠᠬᠢᠯᠭᠠᠨ ᠭᠠᠷᠭᠠᠭᠰᠠᠨ | ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 6.3% ᠪᠠᠷ ᠨᠡᠮᠡᠭᠳᠡᠪᠡ᠃ | ᠭᠤᠣᠯ ᠪᠣᠯᠬᠤ ᠴᠠᠬᠢᠯᠭᠠᠨ ᠭᠠᠷᠭᠠᠭᠰᠠᠨ ᠲᠥᠷᠥᠯ ᠵᠦᠢᠯ ᠠᠴᠠ ᠦᠵᠡᠪᠡᠯ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 3540.4 ᠳ᠋ᠦᠩᠰᠢᠭᠤᠷ | ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ ᠣᠷᠣᠪᠠ︔ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 877.3 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 15.7% ᠪᠠᠷ | ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ ᠣᠷᠣᠪᠠ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 176.5 ᠳ᠋ᠦᠩᠰᠢᠭᠤᠷ | ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 42.8% ᠪᠠᠷ ᠨᠡᠮᠡᠭᠳᠡᠪᠡ︶ ᠪᠠᠶᠢᠵᠤ᠂ ᠪᠥᠬᠦ ᠤᠯᠤᠰ ᠤᠨ ᠬᠤᠶᠠᠳᠤᠭᠠᠷ ᠲᠤ ᠣᠷᠣᠪᠠ᠃ | |