ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 16  ᠤ ᠡᠳᠦᠷ᠂ ᠪᠥᠬᠦ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠬᠤᠷᠠᠯ ᠬᠤᠷᠠᠯᠳᠤᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠶ ᠵᠢᠴᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ᠬᠤᠷᠠᠯ ᠳᠤ ᠣᠷᠣᠯᠴᠠᠭᠰᠠᠳ  ᠾᠧ ᠱᠧᠩ ᠰᠤᠮᠤ ᠶᠢᠨ ᠾᠧ ᠱᠧᠩ ᠲᠣᠰᠬᠤᠨ ᠤ ᠠᠮᠤ ᠪᠤᠳᠠᠭ᠎ᠠ ᠲᠠᠷᠢᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠷᠦᠩ ᠹᠧᠩ ᠬᠡᠷᠡᠭ ᠡᠷᠬᠢᠯᠡᠬᠦ ᠭᠠᠵᠠᠷ ᠤᠨ ᠰᠢᠶᠠᠨ ᠹᠧᠩ ᠲᠣᠰᠬᠤᠨ ᠤ ᠢᠳᠡᠰᠢᠨ ᠨᠣᠭᠤᠭ᠎ᠠ ᠶᠢᠨ ᠥᠨᠳᠥᠷ ᠪᠦᠲᠦᠮᠵᠢᠲᠡᠢ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠹᠧᠩ ᠢᠦᠢ ᠬᠡᠷᠡᠭ ᠡᠷᠬᠢᠯᠡᠬᠦ ᠭᠠᠵᠠᠷ ᠤᠨ ᠳ᠋ᠣᠣ ᠯᠣᠣ ᠵᠤᠤ ᠲᠣᠰᠬᠤᠨ ᠤ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠪᠦᠬᠦ ᠰᠢᠶᠠᠨ ᠤ 6 ᠵᠢᠱᠢᠶ᠎ᠡ ᠦᠵᠡᠭᠦᠯᠬᠦ ᠴᠡᠭ ᠲᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠠᠷᠭ᠎ᠠ ᠬᠡᠯᠪᠡᠷᠢ ᠪᠠᠷ ᠳᠠᠮᠵᠢᠨ ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠪᠠᠶᠢᠳᠠᠯ ᠵᠢᠴᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠤᠷᠠᠮᠳᠤᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠤᠨ ᠲᠤᠬᠠᠢ ᠪᠦᠬᠦ ᠲᠠᠯ᠎ᠠ ᠪᠠᠷ ᠲᠣᠭᠤᠷᠢᠨ ᠦᠵᠡᠪᠡ᠃      ᠬᠥᠳᠡᠭᠡ ᠲᠣᠰᠬᠤᠨ ᠤ ᠵᠠᠮ ᠴᠡᠪᠡᠷ ᠴᠡᠮᠴᠡᠭᠡᠷ ᠪᠥᠭᠡᠳ ᠰᠠᠭᠠᠳ ᠦᠭᠡᠢ ᠨᠡᠪᠳᠡᠷᠡᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠪᠦᠬᠦᠨ ᠥᠪᠡᠷ ᠥᠪᠡᠷ ᠤᠨ ᠣᠨᠴᠠᠯᠢᠭ ᠲᠠᠢ᠂ ᠲᠣᠭᠤᠷᠢᠨ ᠦᠵᠡᠬᠦ ᠪᠦᠯᠬᠦᠮ ᠤᠨ ᠬᠢᠨ ᠲᠣᠭᠤᠷᠢᠨ ᠦᠵᠡᠬᠦ ᠶᠢᠨ ᠳᠠᠭᠠᠤ ᠲᠣᠯᠢᠳᠠᠵᠤ᠂ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠬᠢᠨ ᠨᠠᠮ ᠤᠨ ᠪᠠᠶᠢᠭᠤᠯᠤᠯᠲᠠ ᠪᠠᠷ ᠵᠠᠰᠠᠯᠲᠠ ᠶᠢ ᠬᠥᠲᠥᠯᠥᠨ ᠳᠠᠭᠠᠭᠤᠯᠬᠤ᠂ ᠠᠵᠤ ᠦᠢᠯᠡᠰ ᠬᠥᠭᠵᠢᠩᠭᠦᠢ ᠪᠠᠶᠢᠬᠤ ᠶᠢ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠤ ᠬᠡᠪ ᠰᠤᠷᠲᠠᠯ ᠰᠠᠶᠢᠬᠠᠨ ᠪᠠᠶᠢᠬᠤ ᠶᠢ ᠬᠥᠲᠥᠯᠥᠨ ᠳᠠᠭᠠᠭᠤᠯᠬᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠶᠤᠸᠠᠨ ᠤ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠰᠢᠯᠢᠳᠡᠭ ᠢ ᠡᠭᠦᠳᠬᠦ ᠥᠳᠬᠡᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠵᠤ᠂ ᠬᠥᠳᠡᠭᠡ ᠠᠵᠤ ᠠᠬᠤᠢ ᠶᠢ ᠬᠦᠰᠡᠯ ᠡᠷᠡᠮᠡᠯᠵᠡᠯ ᠲᠠᠢ ᠠᠵᠤ ᠦᠢᠯᠡᠰ ᠪᠣᠯᠭᠠᠵᠤ᠂ ᠲᠠᠷᠢᠶᠠᠴᠢᠳ ᠢ ᠲᠠᠲᠠᠬᠤ ᠬᠦᠴᠦᠨ ᠲᠠᠢ ᠠᠵᠢᠯ ᠮᠡᠷᠭᠡᠵᠢᠯ ᠪᠣᠯᠭᠠᠵᠤ᠂ ᠬᠥᠳᠡᠭᠡ ᠲᠣᠰᠬᠤᠨ ᠢ ᠠᠮᠤᠷ ᠠᠮᠤᠭᠤᠯᠠᠩ ᠠᠵᠤ ᠲᠦᠷᠦᠭᠦ ᠦᠵᠡᠰᠬᠦᠯᠡᠩᠲᠦ ᠰᠠᠶᠢᠬᠠᠨ ᠭᠡᠷ ᠤᠷᠤᠨ ᠢ ᠪᠤᠢ ᠪᠤᠯᠭᠠᠨ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ