ᠠᠩᠬᠠᠷ︕ ᠡᠳᠡᠭᠡᠷ ᠪᠠᠶᠢᠳᠠᠯ ᠲᠤᠤᠷ᠎ᠠ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠲᠠᠷᠢᠭᠤᠯᠵᠤ ᠪᠤᠯᠬᠤ ᠦᠭᠡᠢ
ᠨᠡᠶᠢᠲᠡᠯᠡᠭᠰᠡᠨ ᠴᠠᠭ᠄
2024/8/20
      ᠲᠠ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠲᠠᠷᠢᠭᠤᠯᠤᠬᠰᠠᠨ ᠦᠦ︖       ᠲᠤᠰᠬᠠᠶ ᠮᠡᠷᠭᠡᠵᠢᠯᠲᠡᠨ᠄ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠳᠠᠷᠢᠭᠤᠯᠬᠤ ᠳᠤ ᠳᠤᠤᠷᠠᠬᠢ 3 ᠵᠦᠢᠯ ᠤᠨ ᠪᠠᠶᠢᠳᠠᠯ ᠢ ᠠᠩᠬᠠᠷᠬᠤ ᠬᠡᠷᠡᠭᠲᠡᠶ᠄       ① ᠵᠢᠷᠮᠦᠰᠦᠯᠡᠬᠦ ᠪᠠᠷ ᠲᠥᠯᠥᠪᠯᠡᠵᠦ ᠪᠠᠶᠢᠭ᠎ᠠ ᠪᠤᠶᠤ ᠨᠢᠭᠡᠨᠲᠡ ᠵᠢᠷᠮᠦᠰᠦᠯᠡᠭᠰᠡᠨ ᠡᠮᠡᠭᠲᠡᠶᠢᠴᠦᠳ ᠸᠠᠺᠼᠢᠨ ᠲᠠᠷᠢᠭᠤᠯᠵᠦ ᠪᠤᠯᠬᠤ ᠦᠭᠡᠢ᠂ ᠸᠠᠺᠼᠢᠨ ᠳᠠᠷᠢᠭᠤᠯᠤᠭᠠᠳ 3 ᠰᠠᠷ᠎ᠠ ᠪᠤᠯᠤᠬᠰᠠᠨ ᠤ ᠬᠤᠶᠢᠨ᠎ᠠ ᠰᠠᠶ᠋ᠢ ᠵᠢᠷᠮᠦᠰᠦᠯᠡᠵᠦ ᠪᠣᠯᠤᠨ᠎ᠠ︔       ② ᠲᠦᠷᠭᠡᠨ ᠴᠢᠨᠠᠷᠲᠠᠶ ᠡᠪᠡᠳᠴᠢᠨ᠂ ᠵᠢᠱᠢᠶᠡᠯᠡᠪᠡᠯ ᠬᠠᠯᠠᠭᠤᠷᠠᠬᠤ᠂ ᠬᠢᠮᠤᠷᠠᠬᠤ ᠵᠡᠷᠭᠡ ᠪᠠᠶᠢᠳᠠᠯ ᠭᠠᠷᠪᠠᠯ ᠲᠠᠷᠢᠯᠭ᠎ᠠ ᠲᠠᠷᠢᠭᠤᠯᠵᠤ ᠪᠤᠯᠬᠤ ᠦᠭᠡᠢ︔       ③ ᠤᠳᠠᠭᠠᠨ ᠴᠢᠨᠠᠷᠲᠠᠶ ᠡᠪᠡᠳᠴᠢᠨ ᠬᠥᠳᠡᠯᠬᠦ ᠦᠶ᠎ᠡ ᠳᠤ ᠪᠠᠰᠠ ᠲᠠᠷᠢᠯᠭ᠎ᠠ ᠲᠠᠷᠢᠭᠤᠯᠵᠤ ᠪᠣᠯᠬᠤ ᠦᠭᠡᠢ ᠭᠡᠵᠦ ᠰᠠᠨᠠᠭᠤᠯᠪᠠ᠃ 
ᠢᠷᠡᠯᠲᠡ᠄ ᠠᠷᠠᠳ ᠤᠨ ᠰᠦᠯᠵᠢᠶ᠎ᠡ