ᠮᠠᠨ ᠤ ᠣᠷᠣᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠦᠶᠡᠷ ᠢ ᠰᠡᠷᠭᠡᠶᠢᠯᠡᠬᠦ ᠠᠵᠢᠯ ᠢ ᠪᠦᠭᠦ ᠬᠦᠴᠦᠨ ᠢᠶᠠᠷ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/20
      ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠮᠠᠨ ᠤ ᠣᠷᠣᠨ ᠳᠤ ᠣᠯᠠᠨ ᠤᠳᠠᠭᠠᠨ ᠤ ᠰᠢᠷᠦᠭᠦᠨ ᠪᠣᠷᠣᠭᠠᠨ ᠣᠷᠣᠵᠤ ᠠᠭᠤᠯᠠᠨ ᠦᠶᠡᠷ  ᠤᠨ ᠭᠠᠮᠰᠢᠭ ᠪᠠᠶᠢᠨ ᠳᠠᠭᠢᠨ ᠡᠭᠦᠰᠴᠦ᠂ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠦ ᠪᠣᠯᠪᠠ᠃ ᠢᠯᠠᠩᠭᠤᠶ᠎ᠠ 8 ᠰᠠᠷ᠎ᠠ ᠳᠤ ᠬᠤᠷ᠎ᠠ ᠲᠣᠨᠳᠠᠰᠤᠨ ᠤ ᠬᠡᠮᠵᠢᠶ᠎ᠡ ᠦᠷᠭᠦᠯᠵᠢᠯᠡᠨ ᠨᠡᠮᠡᠭᠳᠡᠵᠦ᠂ 8 ᠰᠠᠷ᠎ᠠ ᠶᠢᠨ 9 ᠤ ᠡᠳᠦᠷ ᠤᠰᠤᠨ ᠠᠰᠢᠭᠯᠠᠯᠲᠠ ᠶᠢᠨ ᠶᠠᠮᠤᠨ ᠮᠠᠨ ᠤ ᠣᠷᠣᠨ ᠳᠤ ᠴᠢᠭᠯᠡᠭᠦᠯᠦᠨ ᠦᠶᠡᠷ ᠢ ᠰᠡᠷᠭᠡᠶᠢᠯᠡᠬᠦ IV ᠲᠠᠰ  ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠬᠡᠷᠡᠭᠵᠢᠭᠦᠯᠪᠡ᠃      ᠦᠶᠡᠷ ᠤᠨ ᠪᠠᠶᠢᠳᠠᠯ ᠪᠣᠯ ᠵᠠᠷᠯᠢᠭ᠂ ᠦᠶᠡᠷ ᠢ ᠰᠡᠷᠭᠡᠶᠢᠯᠡᠬᠦ ᠪᠣᠯ ᠬᠠᠷᠢᠭᠤᠴᠠᠯᠭ᠎ᠠ ᠮᠥᠨ᠃ ᠮᠠᠨ ᠤ ᠣᠷᠣᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠦᠷᠬᠦᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ 468 ᠤᠰᠤᠨ ᠴᠥᠭᠦᠷᠥᠮ ᠤᠨ︽ᠳᠥᠷᠪᠡᠨ ᠬᠠᠷᠢᠭᠤᠴᠠᠯᠭᠠᠲᠠᠨ︾᠂ 1482 ᠨᠦᠯᠦᠮᠡᠯ ᠭᠠᠵᠠᠷ  ᠤᠨ ᠬᠠᠰᠢᠯᠭ᠎ᠠ ᠶᠢᠨ︽ᠭᠤᠷᠪᠠᠨ ᠬᠠᠷᠢᠭᠤᠴᠠᠯᠭᠠᠲᠠᠨ︾ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠠᠨ ᠤ ᠮᠡᠳᠡᠯᠭᠡ ᠶᠢᠨ ᠭᠠᠷ ᠠᠪᠤᠯᠭ᠎ᠠ ᠶᠢ ᠨᠠᠶᠢᠷᠠᠭᠤᠯᠤᠨ ᠵᠣᠬᠢᠶᠠᠵᠤ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠦᠶᠡᠷ ᠢ ᠰᠡᠷᠭᠡᠶᠢᠯᠡᠬᠦ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠵᠡᠷᠭᠡ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠬᠤ᠂ ᠡᠵᠡᠮᠰᠢᠬᠦ᠂ ᠰᠠᠶᠢᠲᠤᠷ ᠬᠡᠷᠡᠭᠯᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ; ᠭᠠᠮᠰᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠬᠢᠨ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ᠂ ᠭᠠᠩ ᠤᠨ ᠪᠠᠶᠢᠳᠠᠯ  ᠢ ᠨᠢᠭᠲᠠ ᠠᠵᠢᠭᠯᠠᠨ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ 7 ᠰᠠᠷ᠎ᠠ ᠶᠢᠨ 26 ᠤ ᠡᠳᠦᠷ ᠪᠤᠯᠲᠠᠯ᠎ᠠ ᠰᠢᠷᠦᠭᠦᠨ ᠪᠣᠷᠣᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠨᠡᠶᠢᠲᠡ 9 ᠬᠤᠭᠤᠴᠠᠭᠠᠨ ᠤ ᠮᠡᠳᠡᠭᠳᠡᠯ ᠨᠡᠶᠢᠲᠡᠯᠡᠨ᠂ 12 ᠬᠤᠭᠤᠴᠠᠭᠠᠨ ᠤ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ᠂ ᠡᠯ᠎ᠡ ᠲᠥᠷᠥᠯ ᠤᠨ ᠮᠡᠳᠡᠭᠦᠯᠦᠯᠲᠡ ᠶᠢ ᠨᠡᠶᠢᠲᠡ 372 ᠬᠤᠭᠤᠴᠠᠭ᠎ᠠ ᠨᠡᠶᠢᠲᠡᠯᠡᠪᠡ᠃ 6 ᠰᠠᠷ᠎ᠠ ᠠᠴᠠ ᠨᠠᠭᠠᠰᠢ ᠪᠠᠰᠠ 24 ᠴᠠᠭ ᠢᠶᠠᠷ ᠦᠶᠡᠷ ᠢ ᠰᠡᠷᠭᠡᠶᠢᠯᠡᠬᠦ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠨ᠂ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ 2500 ᠭᠠᠷᠤᠢ ᠲᠦᠮᠡᠨ ᠵᠤᠷᠪᠤᠰ ᠨᠡᠶᠢᠲᠡᠯᠡᠵᠦ᠂ ᠲᠥᠪ ᠠᠴᠠ ᠪᠠᠭᠤᠯᠭᠠᠭᠰᠠᠨ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ 2640 ᠲᠦᠮᠡᠨ ᠲᠥᠭᠦᠷᠢᠭ ᠤᠨ ᠪᠡᠯᠡ ᠮᠥᠩᠭᠦ ᠶᠢ ᠰᠠᠶᠢᠲᠤᠷ ᠠᠰᠢᠭᠯᠠᠨ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠪᠠ᠃      ᠣᠳᠣᠬᠠᠨ ᠳᠤ ᠮᠠᠨ ᠤ ᠣᠷᠣᠨ ᠦᠷᠭᠦᠯᠵᠢᠯᠡᠨ︽ᠬᠥᠮᠥᠨ ᠬᠠᠷ᠎ᠠ ᠠᠳᠡᠵᠦ ᠰᠢᠷᠬᠠᠲᠤᠬᠤ ᠦᠭᠡᠢ᠂ ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠦᠭᠡᠢ᠂ ᠴᠢᠬᠤᠯᠠ ᠬᠠᠰᠢᠯᠭ᠎ᠠ ᠰᠡᠳᠡᠷᠡᠭᠦ ᠦᠭᠡᠢ᠂ ᠴᠢᠬᠤᠯᠠ ᠰᠠᠭᠤᠷᠢ ᠲᠥᠬᠦᠭᠡᠷᠦᠮᠵᠢ ᠳᠠᠭᠠᠷᠢᠯᠲᠠ ᠳᠤ ᠤᠴᠠᠷᠠᠬᠤ ᠦᠭᠡᠢ︾ ᠪᠠᠶᠢᠬᠤ ᠶᠢ ᠪᠠᠲᠤᠯᠠᠬᠤ ᠬᠠᠷᠠᠯᠲᠠ ᠶᠣᠰᠣᠭᠠᠷ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠨ᠂ ᠦᠶᠡᠷ ᠢ ᠰᠡᠷᠭᠡᠶᠢᠯᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ