2024 ᠥᠪᠥᠷ ᠮᠣᠩᠭᠤᠯ ᠤᠨ ᠠᠮᠢ ᠠᠬᠤᠢ ᠶᠢᠨ ᠤᠳᠬ᠎ᠠ ᠵᠣᠬᠢᠶᠠᠯ ᠤᠨ ᠭᠠᠷᠠᠭ ᠤᠨ ᠠᠵᠢᠯᠯᠠᠭ᠎ᠠ ᠵᠢᠴᠢ ᠵᠣᠬᠢᠶᠠᠯᠴᠢᠳ ᠤᠨ ᠰᠢᠯᠢ ᠶᠢᠨ ᠭᠤᠣᠯ ᠳᠠᠬᠢ ᠠᠶᠠᠯᠠᠯ ᠡᠬᠢᠯᠡᠯ᠎ᠡ
ᠨᠡᠶᠢᠲᠡᠯᠡᠭᠰᠡᠨ ᠴᠠᠭ᠄
2024/8/20
      ᠣᠶᠢᠷ᠎ᠠ ᠳᠤ᠂ 2024 ᠥᠪᠥᠷ ᠮᠣᠩᠭᠤᠯ ᠤᠨ ᠠᠮᠢ ᠠᠬᠤᠢ ᠶᠢᠨ ᠤᠳᠬ᠎ᠠ ᠵᠣᠬᠢᠶᠠᠯ ᠤᠨ ᠭᠠᠷᠠᠭ ᠤᠨ ᠠᠵᠢᠯᠯᠠᠭ᠎ᠠ ᠵᠢᠴᠢ ᠵᠣᠬᠢᠶᠠᠯᠴᠢᠳ ᠤᠨ ᠰᠢᠯᠢ ᠶᠢᠨ ᠭᠤᠣᠯ ᠳᠠᠬᠢ ᠠᠶᠠᠯᠠᠯ ᠤᠨ ᠡᠭᠢᠯᠡᠯᠳᠡ ᠶᠢᠨ ᠶᠣᠰᠣᠯᠠᠯ ᠰᠢᠯᠢᠩᠬᠤᠲᠠ ᠳᠤ ᠪᠣᠯᠵᠤ᠂ ᠣᠷᠣᠨ ᠤ ᠳᠣᠲᠣᠨ᠎ᠠ ᠭᠠᠳᠠᠨᠠᠬᠢ 20 ᠭᠠᠷᠤᠢ ᠨᠡᠷᠡᠲᠤ ᠵᠣᠬᠢᠶᠠᠯᠴᠢ᠂ ᠲᠤᠰᠬᠠᠢ ᠮᠡᠷᠭᠡᠵᠢᠯᠲᠡᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠠᠷ ᠴᠢᠷᠮᠠᠶᠢᠵᠤ᠂ ᠥᠷᠭᠡᠨ ᠣᠯᠠᠨ ᠵᠣᠬᠢᠶᠠᠯᠴᠢᠳ ᠤᠨ ᠬᠤᠷᠴᠠ ᠦᠵᠦᠭ ᠤᠷᠠᠨ ᠨᠠᠶᠢᠷᠠᠭ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠠᠮᠢᠳᠤᠯᠢᠭ ᠪᠣᠳᠠᠲᠠᠢ ᠲᠠᠶᠢᠯᠪᠤᠷᠢᠯᠠᠵᠤ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠨ ᠪᠣᠳᠠᠲᠤ ᠦᠶᠯᠡ ᠶᠠᠪᠤᠳᠠᠯ ᠢ ᠤᠯᠠᠨ ᠳᠤ ᠲᠠᠨᠢᠭᠤᠯᠵᠤ᠂ ᠠᠮᠢ ᠠᠬᠤᠢ ᠶᠢᠨ ᠪᠣᠯᠪᠠᠰᠤᠨ ᠤ ᠭᠤᠣᠯᠯᠠᠭᠴᠢ ᠥᠷᠲᠡᠭ ᠤᠨ ᠦᠵᠡᠯᠲᠡ ᠶᠢ ᠰᠤᠷᠲᠠᠯᠴᠢᠯᠠᠨ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠪᠦᠭᠦ ᠠᠷᠠᠳ ᠤᠨ ᠠᠵᠢᠯᠯᠠᠭᠠᠨ ᠤ ᠰᠢᠰᠲ᠋ᠧᠮ ᠢ ᠪᠠᠶᠢᠭᠤᠯᠬᠤ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠠᠮᠲᠤᠷᠠᠯ ᠬᠦᠴᠦᠨ ᠢ ᠪᠤᠢ ᠪᠤᠯᠭᠠᠬᠤ ᠶᠢ ᠵᠣᠷᠢᠪᠠ᠃      ᠡᠭᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠠᠮᠢ ᠠᠬᠤᠢ ᠶᠢᠨ ᠰᠡᠳᠦᠪᠲᠦ ᠨᠣᠮ ᠤᠨ ᠨᠡᠷᠡᠰ ᠢ ᠨᠡᠶᠢᠲᠡᠯᠡᠭᠰᠡᠨ ᠪᠥᠭᠡᠳ ᠵᠣᠬᠢᠶᠠᠯᠴᠢᠳ ᠤᠨ ᠰᠢᠯᠢ ᠶᠢᠨ ᠭᠤᠣᠯ ᠳᠠᠬᠢ ᠪᠦᠯᠭᠦᠮ ᠳᠤ ︽ᠠᠮᠢ ᠠᠬᠤᠢ ᠶᠢᠨ ᠤᠳᠬ᠎ᠠ ᠵᠣᠬᠢᠶᠠᠯ ᠤᠨ ᠨᠠᠷᠠᠲᠤ ᠵᠣᠬᠢᠶᠠᠯᠴᠢ ᠶᠢᠨ ᠰᠢᠯᠢ ᠶᠢᠨ ᠭᠤᠣᠯ ᠳᠠᠬᠢ ᠠᠶᠠᠯᠠᠯ︾ ᠤᠨ ᠲᠤᠭ ᠢ ᠭᠠᠷᠳᠠᠭᠤᠯᠵᠠᠢ᠃ ᠪᠠᠰᠠ ᠠᠯᠳᠠᠷᠲᠤ ᠵᠣᠬᠢᠶᠠᠯᠴᠢᠳ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠵᠣᠬᠢᠶᠠᠨ ᠪᠦᠲᠦᠭᠡᠯᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃      ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠶᠠᠨ ᠶᠠᠨ ᠢᠯᠡᠷᠬᠡᠶᠢᠯᠡᠬᠦ ᠳᠡᠭᠡᠨ᠂ ᠤᠳᠬ᠎ᠠ ᠵᠣᠬᠢᠶᠠᠯ ᠬᠢᠭᠡᠳ ᠠᠮᠢ ᠠᠬᠤᠢ ᠨᠢ ᠬᠠᠷᠢᠯᠴᠠᠨ ᠠᠭᠤᠰᠤᠯᠴᠠᠵᠤ᠂ ᠠᠮᠢ ᠠᠬᠤᠢ ᠨᠢ ᠤᠳᠬ᠎ᠠ ᠵᠣᠬᠢᠶᠠᠯ ᠳᠤ ᠡᠯᠪᠡᠭ ᠪᠠᠶᠠᠯᠢᠭ ᠪᠣᠷᠣ ᠮᠠᠲ᠋ᠧᠷᠢᠶᠠᠯ ᠬᠠᠩᠭᠠᠵᠤ᠂ ᠤᠳᠬ᠎ᠠ ᠵᠣᠬᠢᠶᠠᠯ ᠨᠢ ᠠᠮᠢ ᠠᠬᠤᠢ ᠳᠤ ᠴᠢᠬᠤᠯᠠ ᠲᠤᠰᠬᠠᠯ ᠪᠠ ᠠᠬᠢᠭᠤᠯᠬᠤ ᠦᠢᠯᠡᠳᠦᠯ ᠲᠠᠢ ᠪᠠᠶᠢᠳᠠᠭ᠂ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠨ ᠶᠠᠪᠤᠭᠳᠠᠭᠤᠯᠬᠤ ᠪᠠᠷ ᠳᠠᠮᠵᠢᠭᠤᠯᠤᠨ ᠠᠮᠢ ᠠᠬᠤᠢ ᠶᠢᠨ ᠤᠳᠬ᠎ᠠ ᠵᠣᠬᠢᠶᠠᠯ ᠤᠨ ᠬᠥᠭᠵᠢᠯᠲᠡ ᠳᠤ ᠥᠪᠡᠷᠮᠢᠴᠡ ᠰᠣᠶᠣᠯ ᠤᠨ ᠬᠠᠷᠠᠭᠠᠰᠤ ᠪᠠ ᠣᠶᠤᠨ ᠰᠠᠨᠠᠭᠠᠨ ᠤ ᠠᠭᠤᠯᠤᠭᠳᠠᠬᠤᠨ ᠬᠠᠩᠭᠠᠬᠤ ᠪᠣᠯᠣᠨ᠎ᠠ ᠭᠡᠵᠡᠢ᠃      ᠲᠤᠰ ᠤᠳᠠᠭ᠎ᠠ ᠨᠡᠷᠡᠳᠤ ᠵᠣᠬᠢᠶᠠᠯᠴᠢᠳ ᠤᠨ ᠰᠢᠯᠢ ᠶᠢᠨ ᠭᠤᠣᠯ ᠳᠠᠬᠢ ᠠᠶᠠᠯᠠᠯ ᠤᠨ ᠬᠢᠨ ᠰᠢᠯᠤᠭᠤᠨ ᠬᠥᠬᠡ ᠬᠤᠰᠢᠭᠤ᠂ ᠳᠣᠯᠣᠨ ᠨᠤᠤᠷ ᠰᠢᠶᠠᠨ ᠵᠡᠷᠭᠡ ᠭᠠᠵᠠᠷ ᠲᠤ ᠭᠦᠨᠵᠡᠭᠡᠶᠢᠷᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠪᠣᠬᠢᠷᠳᠤᠯ ᠢ ᠰᠡᠷᠭᠡᠶᠢᠯᠡᠬᠦ᠂ ᠪᠣᠬᠢᠷᠳᠤᠯ ᠦᠭᠡᠢ ᠬᠥᠭᠵᠢᠯᠲᠡ ᠵᠡᠷᠭᠡ ᠰᠡᠳᠦᠪ ᠤᠨ ᠲᠣᠭᠤᠷᠢᠨ ᠳᠤ ᠪᠣᠷᠣ ᠮᠠᠲ᠋ᠧᠷᠢᠶᠠᠯ ᠴᠤᠭᠯᠠᠭᠤᠯᠵᠤ ᠵᠣᠬᠢᠶᠠᠨ ᠪᠦᠲᠦᠭᠡᠯᠭᠡ ᠬᠢᠨ᠎ᠡ᠃      ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ