ᠰᠢ ᠶᠢᠨ ᠫᠢᠩ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠢ ᠭᠥᠯᠢᠶᠡᠨ ᠠᠪᠴᠤ ᠠᠭᠤᠯᠵᠠᠬᠤ ᠳᠠᠭᠠᠨ ᠴᠢᠬᠤᠯᠠᠴᠢᠯᠠᠭᠰᠠᠨ ᠨᠢ ᠪᠠᠷᠳᠠᠮᠨᠠᠬᠤ ᠦᠭᠡᠢ ᠣᠮᠣᠷᠬᠠᠭᠯᠠᠬᠤ ᠦᠭᠡᠢ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/8/23
      ᠵᠤᠤ ᠯᠧ ᠵᠢᠢ   ᠸᠠᠩ ᠬᠤ᠋ ᠨᠢᠩ  ᠼᠠᠢ ᠴᠢ  ᠯᠢ ᠰᠢ  ᠬᠠᠨ ᠵᠧᠩ ᠭᠥᠯᠢᠶᠡᠨ ᠠᠪᠴᠤ ᠠᠭᠤᠯᠵᠠᠬᠤ ᠳᠤ ᠣᠷᠣᠯᠴᠠᠵᠠᠢ      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ  ᠶᠢᠨ ᠫᠢᠩ 20 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠲᠠᠢ ᠠᠭᠤᠯᠵᠠᠪᠠ᠃ ᠲᠡᠷᠡ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠲᠠ ᠨᠠᠷ ᠪᠦᠯᠬᠦᠮᠳᠡᠨ ᠰᠡᠳᠬᠢᠯ ᠨᠢᠭᠡᠳᠴᠦ᠂ ᠡᠷᠡᠮᠡᠬᠡᠶᠢᠯᠡᠨ ᠴᠢᠷᠮᠠᠶᠢᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠦᠭᠰᠡᠨ ᠦᠭᠡᠢ᠂ ᠮᠠᠨ ᠤ ᠤᠯᠤᠰ ᠤᠨ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠬᠰᠠᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠵᠤ᠂ ᠤᠷᠤᠯᠳᠤᠭᠠᠨ ᠤ ᠬᠢᠷᠢ ᠪᠦᠲᠦᠮᠵᠢ ᠪᠣᠯᠣᠨ ᠤᠶᠤᠨ ᠤ ᠪᠣᠯᠪᠠᠰᠤᠨ ᠤ ᠬᠤᠣᠰ ᠠᠮᠵᠢᠯᠲᠠ ᠶᠢ ᠪᠡᠶᠡᠯᠡᠭᠦᠯᠵᠦ᠂ ᠡᠬᠡ ᠤᠯᠤᠰ ᠪᠣᠯᠣᠨ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ ᠭᠡᠵᠦ ᠴᠢᠬᠤᠯᠠᠴᠢᠯᠠᠪᠠ᠃ ᠲᠡᠷᠡ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠤᠯᠠᠨ ᠤ ᠢᠯᠠᠯᠲᠠ ᠲᠠᠢ ᠪᠤᠴᠠᠵᠤ ᠢᠷᠡᠭᠰᠡᠨ ᠢ ᠪᠠᠶᠠᠷᠯᠠᠨ ᠤᠭᠲᠤᠵᠤ᠂ ᠤᠯᠠᠨ ᠳᠤ ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ ᠠᠴᠠ ᠪᠠᠨ ᠲᠣᠬᠤᠨᠢᠭᠤᠯᠤᠭᠰᠠᠨ ᠪᠥᠭᠡᠳ ᠪᠦᠭᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠨᠥᠬᠦᠳ ᠲᠤ ᠳᠣᠲᠣᠨᠣ ᠮᠡᠨᠳᠦᠴᠢᠯᠡᠯ ᠬᠦᠷᠭᠡᠪᠡ᠃

6385982993686314913833765.png

      8 ᠰᠠᠷ᠎ᠠ ᠶᠢᠨ 20 ᠤ ᠡᠳᠦᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ᠂ ᠬᠠᠨ ᠵᠧᠩ

ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ

ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠢ ᠭᠥᠯᠢᠶᠡᠨ ᠠᠪᠴᠤ ᠠᠭᠤᠯᠵᠠᠪᠠ᠃  ᠵᠢᠷᠤᠭ ᠪᠣᠯ ᠰᠢ ᠶᠢᠨ ᠫᠢᠩ ᠴᠢᠬᠤᠯᠠ

ᠶᠠᠷᠢᠶ᠎ᠠ ᠲᠠᠯᠪᠢᠵᠤ ᠪᠠᠶᠢᠭ᠎ᠠ ᠨᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ  ᠬᠤᠸᠠᠨ ᡂᠢ  ᠰᠡᠭᠦᠳᠡᠷᠯᠡᠪᠡ

6385983000219099313825437.png

      8 ᠰᠠᠷ᠎ᠠ ᠶᠢᠨ 20 ᠤ ᠡᠳᠦᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ᠂ ᠬᠠᠨ ᠵᠧᠩ

ᠠᠷᠠᠳ ᠤᠨ ᠶᠡᠭᠡ ᠬᠤᠷᠠᠯ ᠤᠨ ᠲᠠᠩᠬᠢᠮ ᠳᠤ 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ

ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠷᠢᠯᠳᠦᠭᠦᠨ ᠢ ᠭᠥᠯᠢᠶᠡᠨ ᠠᠪᠴᠤ ᠠᠭᠤᠯᠵᠠᠪᠠ᠃    

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ᠂

ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠠᠭᠤᠯᠵᠠᠯᠲᠠ ᠳᠤ ᠣᠷᠣᠯᠴᠠᠪᠠ᠃

      ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠪᠠᠶᠠᠷ ᠭᠦᠷ ᠢᠶᠠᠷ ᠪᠢᠯᠬᠠᠨ᠎ᠠ᠃ ᠦᠳᠡ ᠶᠢᠨ ᠬᠤᠶᠢᠨᠠᠬᠢ 3 ᠴᠠᠭ 20

ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠲᠥᠯᠥᠭᠡᠯᠡᠭᠴᠢᠳ ᠤᠨ ᠪᠦᠯᠭᠦᠮ ᠤᠨ ᠭᠡᠰᠢᠭᠦᠳ ᠤᠨ ᠳᠤᠮᠳᠠ

ᠬᠦᠷᠴᠦ ᠢᠷᠡᠬᠦ ᠳᠤ  ᠳᠠᠶᠠᠭᠠᠷ ᠢᠶᠠᠨ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠠᠷ ᠤᠯᠠᠨ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ

ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ

ᠲᠥᠯᠥᠭᠡᠯᠡᠭᠴᠢᠳ ᠤᠨ ᠪᠦᠯᠭᠦᠮ ᠤᠨ ᠰᠢᠯᠢᠳᠡᠭ ᠬᠢᠷᠢ ᠪᠦᠲᠦᠮᠵᠢ ᠪᠣᠯ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠲᠠᠪᠰᠢᠯᠳᠠ ᠶᠢᠨ

ᠲᠥᠪᠯᠡᠷᠡᠩᠭᠦᠢ ᠢᠯᠡᠷᠡᠯ ᠪᠤᠯᠬᠤ ᠪᠥᠭᠡᠳ ᠪᠠᠰᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ

ᠪᠦᠲᠦᠮᠵᠢ ᠶᠢᠨ ᠬᠤᠷᠢᠶᠠᠩᠭᠤᠢ ᠳᠦᠷᠰᠦ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠦᠴᠦᠨ ᠴᠢᠳᠠᠯ ᠢ ᠭᠦᠢᠴᠡᠳ ᠢᠯᠡᠷᠡᠭᠦᠯᠪᠡ᠃ ᠤᠯᠤᠰ ᠣᠷᠣᠨ

ᠮᠠᠨᠳᠤᠪᠠᠯ ᠪᠡᠶ᠎ᠡ ᠶᠢᠨ ᠲᠠᠮᠢᠷ ᠮᠠᠨᠳᠤᠨ᠎ᠠ᠂ ᠤᠯᠤᠰ ᠣᠷᠣᠨ ᠬᠦᠴᠦᠷᠬᠡᠭᠵᠢᠪᠡᠯ ᠪᠡᠶ᠎ᠡ ᠶᠢᠨ ᠲᠠᠮᠢᠷ ᠬᠦᠴᠦᠷᠬᠡᠭᠵᠢᠨ᠎ᠡ᠃ ᠮᠠᠨ ᠤ ᠤᠯᠤᠰ ᠳᠡᠯᠡᠬᠡᠢ ᠶᠢᠨ ᠪᠡᠶ᠎ᠡ ᠶᠢᠨ

ᠲᠠᠮᠢᠷ ᠤᠨ ᠲᠣᠮᠣ ᠤᠯᠤᠰ᠂ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠴᠦᠷᠬᠡᠭ ᠤᠯᠤᠰ ᠤᠨ ᠡᠩᠨᠡᠭᠡᠨ ᠳᠤ ᠣᠷᠣᠵᠤ ᠴᠢᠳᠠᠭᠰᠠᠨ ᠤ ᠦᠨᠳᠦᠰᠦᠨ ᠰᠢᠯᠲᠠᠭᠠᠨ ᠨᠢ 

ᠤᠯᠤᠰ ᠤᠨ ᠶᠡᠷᠦᠩᠬᠡᠢ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠣᠯᠪᠠᠰᠤᠷᠠᠯ ᠳᠤ ᠲᠡᠷᠢᠭᠦᠨ ᠤ ᠰᠢᠨᠵᠢᠯᠡᠬᠦ ᠤᠬᠠᠭᠠᠨ

ᠲᠸᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠪᠠᠲᠤ ᠪᠠᠬᠢ ᠪᠣᠳᠠᠰ ᠤᠨ ᠪᠠᠲᠤᠯᠠᠭ᠎ᠠ ᠬᠠᠩᠭᠠᠭᠰᠠᠨ ᠪᠥᠭᠡᠳ ᠡᠯ᠎ᠡ ᠬᠦᠷᠢᠶᠡᠨ ᠤ ᠪᠡᠶ᠎ᠡ ᠶᠢᠨ ᠲᠠᠮᠢᠷ ᠤᠨ

ᠴᠢᠳᠠᠪᠤᠷᠢᠲᠠᠨ ᠤ ᠴᠣᠯᠭᠤᠷᠠᠨ ᠭᠠᠷᠬᠤ ᠳᠤ ᠰᠠᠶᠢᠨ ᠰᠠᠶᠢᠬᠠᠨ ᠦᠰᠦᠨ ᠪᠣᠶᠢᠵᠢᠬᠤ ᠣᠷᠴᠢᠨ ᠨᠥᠬᠦᠴᠡᠯ ᠪᠠ ᠥᠷᠭᠡᠨ ᠳᠡᠯᠭᠡᠷ ᠤᠯᠠᠨ ᠲᠦᠮᠡᠨ ᠤ ᠰᠠᠭᠤᠷᠢ ᠶᠢ ᠪᠤᠢ

ᠪᠤᠯᠭᠠᠬᠰᠠᠨ ᠳᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ᠂ ᠦᠨᠳᠦᠰᠦᠲᠡᠨ ᠤ ᠰᠡᠷᠭᠦᠭᠡᠨ ᠮᠠᠨᠳᠤᠭᠤᠯᠬᠤ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠨᠢ ᠯᠠᠪᠲᠠᠢ ᠮᠠᠨ ᠤ ᠤᠯᠤᠰ ᠤᠨ ᠪᠡᠶ᠎ᠡ ᠶᠢᠨ

ᠲᠠᠮᠢᠷ ᠤᠨ ᠦᠢᠯᠡᠰ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠪᠢᠳᠡ ᠠᠷᠠᠳ

ᠲᠦᠮᠡᠨ ᠢᠶᠠᠷ ᠭᠤᠣᠯ ᠪᠤᠯᠭᠠᠬᠰᠠᠨ ᠪᠡᠶ᠎ᠡ ᠶᠢᠨ ᠲᠠᠮᠢᠷ ᠤᠨ ᠦᠢᠯᠡᠰ ᠢ ᠦᠷᠭᠦᠯᠵᠢᠯᠡᠨ ᠶᠡᠭᠡ ᠪᠠᠷ ᠬᠥᠭᠵᠢᠭᠦᠯᠵᠦ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ

ᠪᠦᠭᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ

ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠬᠡᠷᠡᠭᠲᠡᠢ ᠭᠡᠵᠦ ᠢᠯᠡᠳᠬᠡᠪᠡ᠃

      ᠰᠢ ᠶᠢᠨ ᠫᠢᠩ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠰᠢᠯᠢᠳᠡᠭ ᠠᠮᠵᠢᠯᠲᠠ ᠨᠢ ᠳᠤᠮᠳᠠᠳᠤ ᠶᠢᠨ ᠪᠡᠶ᠎ᠡ ᠶᠢᠨ

ᠲᠠᠮᠢᠷ ᠤᠨ ᠵᠣᠷᠢᠭ ᠰᠠᠨᠠᠭ᠎ᠠ ᠪᠣᠯᠣᠨ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠣᠯᠣᠨ

ᠴᠠᠭ ᠦᠶ᠎ᠡ ᠶᠢᠨ ᠵᠣᠷᠢᠭ ᠰᠠᠨᠠᠭ᠎ᠠ ᠶᠢ ᠰᠣᠯᠪᠢᠴᠠᠭᠤᠯᠤᠨ ᠭᠡᠷᠡᠯᠲᠦᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ

ᠲᠠᠶᠢᠯᠪᠤᠷᠢᠯᠠᠪᠠ᠃ ᠤᠷᠤᠯᠳᠤᠭᠠᠨ ᠤ ᠲᠠᠯᠠᠪᠤᠷ ᠲᠤ᠂ ᠤᠯᠠᠨ ᠢᠶᠠᠷ ᠢᠶᠠᠨ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠤᠯᠤᠰ ᠤᠨ

ᠢᠷᠠᠭᠤ ᠠᠯᠳᠠᠷ ᠬᠤᠪᠢ ᠬᠥᠮᠥᠨ ᠤ ᠢᠷᠠᠭᠤ ᠠᠯᠳᠠᠷ ᠠᠴᠠ ᠡᠭᠦᠷᠢᠳᠡ ᠳᠠᠪᠠᠨ᠎ᠠ︾᠂ ︽ᠮᠢᠨᠤ ᠡᠨᠡ ᠬᠦ ᠠᠯᠲᠠᠨ ᠮᠧᠳᠠᠯ ᠢᠶᠠᠨ ᠠᠭᠤᠤ ᠶᠡᠭᠡ ᠡᠬᠡ ᠤᠯᠤᠰ ᠲᠠᠭᠠᠨ

ᠡᠷᠭᠦᠨ᠎ᠡ︾ᠵᠡᠷᠭᠡ ᠲᠠᠩᠭᠠᠷᠢᠭ ᠤᠨ ᠦᠭᠡ ᠨᠢ ᠢᠳᠡ ᠬᠦᠴᠦᠲᠡᠢ ᠪᠠᠶᠢᠵᠤ᠂ ᠡᠬᠡ ᠤᠯᠤᠰ ᠢᠶᠠᠨ ᠳᠡᠭᠡᠳᠦᠯᠡᠬᠦ᠂ ᠡᠬᠡ ᠤᠯᠤᠰ ᠲᠠᠭᠠᠨ ᠢᠷᠠᠭᠤ ᠠᠯᠳᠠᠷ  ᠠᠪᠴᠢᠷᠠᠬᠤ

ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠨᠤᠭᠤᠷᠠᠰᠢ ᠦᠭᠡᠢ ᠲᠡᠮᠡᠴᠡᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠠᠪᠠᠯ ᠢᠯᠠᠬᠤ ᠢᠲᠡᠭᠡᠯ

ᠵᠣᠷᠢᠭ ᠢ ᠢᠯᠡᠷᠡᠭᠦᠯᠵᠦ᠂ ᠪᠦᠯᠬᠦᠮᠳᠡᠨ ᠬᠠᠮᠵᠢᠯᠴᠠᠬᠤ᠂ ᠮᠥᠷᠥ ᠵᠡᠷᠭᠡᠴᠡᠨ ᠪᠠᠶᠢᠯᠳᠤᠬᠤ ᠡᠷᠬᠢᠮ ᠨᠠᠨᠳᠢᠨ ᠵᠠᠩ ᠴᠢᠨᠠᠷ ᠢ ᠢᠯᠡᠷᠡᠭᠦᠯᠵᠦ᠂ ᠳᠤᠮᠳᠠᠳᠤ ᠤᠯᠤᠰ ᠤᠨ ᠵᠠᠯᠠᠭᠤ

ᠨᠢᠭᠡ ᠦᠶ᠎ᠡ ᠶᠢᠨ ᠬᠢᠨ ᠤ ᠢᠲᠡᠭᠡᠯ ᠳᠦᠭᠦᠷᠡᠩ ᠪᠠᠶᠠᠰᠤᠩᠭᠤᠢ᠂ ᠬᠠᠯᠠᠭᠤᠮᠰᠤᠭ ᠨᠥᠭᠦᠷᠰᠡᠭ ᠪᠠᠶᠢᠬᠤ ᠴᠣᠪᠣᠭᠤᠯᠢᠭ ᠬᠡᠪ ᠴᠢᠨᠠᠷ ᠢ ᠢᠯᠡᠷᠡᠭᠦᠯᠪᠡ᠃ ᠲᠠ ᠨᠠᠷ ᠪᠦᠭᠦ

ᠳᠡᠯᠡᠬᠡᠢ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠬᠤᠷᠠᠮᠳᠤᠯ ᠢ ᠬᠠᠷᠠᠭᠤᠯᠵᠤ᠂ ᠳᠤᠮᠳᠠᠳᠤ ᠤᠯᠤᠰ ᠤᠨ ᠨᠡᠭᠡᠭᠡᠯᠲᠡᠲᠡᠢ

ᠪᠠᠭᠲᠠᠭᠠᠮᠵᠢᠲᠠᠢ᠂ ᠴᠤᠭ ᠪᠠᠳᠠᠷᠠᠩᠭᠤᠢ ᠤᠷᠤᠭᠰᠢᠯᠠᠨ ᠲᠠᠪᠰᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ

ᠰᠥᠰᠥ ᠵᠣᠷᠢᠭ᠂ ᠣᠮᠤᠭ ᠵᠣᠷᠢᠭ ᠪᠠ ᠢᠳᠡ ᠬᠦᠴᠦᠨ ᠢ ᠬᠠᠷᠠᠭᠤᠯᠪᠠ᠃ ᠡᠬᠡ ᠤᠯᠤᠰ ᠪᠣᠯᠣᠨ ᠠᠷᠠᠳ ᠲᠦᠮᠡᠨ ᠲᠠ ᠨᠠᠷ ᠤᠨ ᠡᠮᠦᠨ᠎ᠡ ᠠᠴᠠ ᠣᠮᠣᠭᠰᠢᠵᠤ ᠪᠠᠶᠢᠨ᠎ᠠ᠂

ᠲᠠ ᠨᠠᠷ ᠢ ᠮᠠᠭᠲᠠᠨ ᠰᠠᠶᠢᠰᠢᠶᠠᠵᠤ ᠪᠠᠶᠢᠨ᠎ᠠ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠶᠣᠰᠣ ᠰᠤᠷᠲᠠᠬᠤᠨ ᠲᠠᠢ ᠠᠯᠲᠠᠨ ᠮᠧᠳᠠᠯ᠂ ᠬᠡᠪ ᠨᠠᠮᠪᠠ

 ᠲᠠᠢ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ ᠣᠯᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠬᠡᠪ ᠰᠤᠷᠲᠠᠯ ᠢ ᠪᠠᠳᠠᠷᠠᠭᠤᠯᠵᠤ᠂

ᠥᠷᠭᠡᠨ ᠳᠡᠯᠭᠡᠷ ᠬᠦᠨᠳᠦᠳᠬᠡᠯ ᠬᠦᠷᠢᠶᠡᠯᠡᠯ ᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠳᠦᠷᠢ ᠲᠥᠷᠬᠦ ᠶᠢ ᠭᠦᠢᠴᠡᠳ ᠢᠯᠡᠷᠡᠭᠦᠯᠪᠡ᠃

ᠤᠷᠤᠯᠳᠤᠭᠠᠨ ᠤ ᠲᠠᠯᠠᠪᠤᠷ ᠲᠤ ᠣᠯᠠᠨ ᠢᠶᠠᠷ ᠢᠶᠠᠨ ᠳᠦᠷᠢᠮ ᠲᠣᠭᠲᠠᠭᠠᠯ ᠢ ᠵᠢᠷᠤᠮᠯᠠᠨ᠂ ᠥᠷᠢᠰᠦᠯᠳᠦᠬᠦ ᠡᠲᠡᠭᠡᠳ ᠢᠶᠠᠨ ᠭᠦᠨᠳᠦᠳᠭᠡᠵᠦ᠂ ᠬᠢᠨᠠᠭᠴᠢ ᠶᠢ ᠭᠦᠨᠳᠦᠳᠭᠡᠵᠦ᠂

ᠦᠵᠡᠭᠴᠢᠳ ᠢ ᠭᠦᠨᠳᠦᠳᠭᠡᠵᠦ᠂ ᠰᠠᠶᠢᠨ ᠰᠠᠶᠢᠬᠠᠨ ᠤᠷᠤᠯᠳᠤᠭᠠᠨ ᠤ ᠬᠡᠪ ᠰᠤᠷᠲᠠᠯ ᠪᠠ ᠪᠣᠯᠪᠠᠰᠤᠨ ᠶᠣᠰᠣ ᠵᠢᠷᠤᠮ ᠢ ᠪᠠᠷᠢᠮᠲᠠᠯᠠᠵᠤ᠂ ᠢᠯᠠᠯᠲᠠ ᠣᠯᠣᠭᠰᠠᠨ ᠴᠤ

ᠪᠠᠷᠳᠠᠮᠨᠠᠬᠤ ᠦᠭᠡᠢ᠂ ᠢᠯᠠᠭᠳᠠᠭᠰᠠᠨ ᠴᠤ ᠵᠣᠷᠢᠭ ᠮᠣᠬᠤᠬᠤ ᠦᠭᠡᠢ ᠪᠠᠶᠢᠵᠤ᠂ ᠤᠷᠤᠯᠳᠤᠭᠠᠨ᠂ ᠶᠣᠰᠣ ᠮᠣᠷᠠᠯ᠂ ᠬᠡᠪ ᠨᠠᠮᠪᠠ ᠶᠢᠨ ᠲᠠᠯ᠎ᠠ ᠪᠠᠷ ᠴᠥᠮ ᠠᠯᠲᠠᠨ ᠮᠧᠳᠠᠯ

ᠣᠯᠣᠭᠰᠠᠨ ᠪᠠᠶᠢᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠰᠢᠨ᠎ᠡ ᠦᠶᠡᠯᠡᠯ ᠨᠢᠭᠡᠨᠲᠡ ᠡᠬᠢᠯᠡᠪᠡ᠃ ᠤᠯᠠᠨ ᠢᠶᠠᠷ ᠢᠶᠠᠨ ᠪᠠᠷᠳᠠᠮᠨᠠᠬᠤ ᠦᠭᠡᠢ

ᠣᠮᠣᠷᠬᠠᠭᠯᠠᠬᠤ ᠦᠭᠡᠢ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠣᠯᠪᠠᠰᠤᠷᠠᠯ ᠪᠠ ᠤᠷᠤᠯᠳᠤᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠳᠠᠪᠠᠭᠤᠯᠢᠭ ᠢᠶᠠᠨ

ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠴᠢᠳᠠᠪᠤᠷᠢᠲᠠᠨ ᠢ ᠲᠦᠷᠭᠡᠨ ᠬᠥᠮᠥᠵᠢᠭᠦᠯᠵᠦ᠂ ᠲᠠᠶᠢᠨ ᠳᠤ ᠪᠡᠯᠡᠳᠬᠡᠬᠦ ᠠᠵᠢᠯ ᠢ ᠴᠢᠨᠠᠷ ᠰᠠᠶᠢᠲᠠᠢ ᠰᠠᠶᠢᠲᠤᠷ

ᠬᠢᠬᠦ ᠶᠢ ᠬᠦᠰᠡᠵᠦ ᠪᠠᠶᠢᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠪᠣᠯᠣᠨ ᠣᠯᠠᠨ ᠲᠦᠮᠡᠨ ᠤ ᠪᠡᠶ᠎ᠡ ᠶᠢᠨ ᠲᠠᠮᠢᠷ ᠬᠠᠷᠢᠯᠴᠠᠨ ᠬᠤᠯᠪᠣᠭᠳᠠᠵᠤ ᠬᠠᠷᠢᠯᠴᠠᠨ

ᠨᠥᠬᠦᠴᠡᠯᠳᠦᠵᠦ ᠪᠠᠶᠢᠳᠠᠭ᠂ ᠣᠯᠠᠨ ᠢᠶᠠᠷ ᠢᠶᠠᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠪᠦᠭᠦ

ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠠᠶᠢᠴᠢᠯᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠥᠷᠭᠡᠨ ᠳᠡᠯᠭᠡᠷ ᠥᠷᠨᠢᠭᠦᠯᠵᠦ᠂ ᠪᠡᠶ᠎ᠡ ᠶᠢᠨ ᠲᠠᠮᠢᠷ ᠤᠨ

ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

      ᠸᠠᠩ ᠢ᠂ ᠯᠢᠦ ᠭᠦᠸᠧ ᠵᠦᠩ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠴᠧᠨ ᠦ᠋᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ᠣᠷᠣᠨ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ

ᠪᠠᠶᠢᠭᠤᠯᠤᠯᠲᠠ ᠶᠢᠨ ᠪᠢᠩᠲ᠋ᠤᠸᠠᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠥᠯᠢᠶᠡᠨ ᠠᠪᠴᠤ ᠠᠭᠤᠯᠵᠠᠬᠤ ᠳᠤ ᠣᠷᠣᠯᠴᠠᠵᠠᠢ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ