ᠰᠢ ᠶᠢᠨ ᠫᠢᠩ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠳᠤ ᠣᠷᠣᠭᠰᠠᠨ 40 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠵᠢᠴᠢ ᠬᠥᠭᠵᠢᠵᠦ ᠪᠠᠶᠢᠭ᠎ᠠ ᠤᠯᠤᠰ ᠤᠳ ᠤᠨ ᠵᠥᠪᠯᠡᠯᠭᠡᠨ ᠤ ᠭᠡᠰᠢᠭᠦᠳ ᠤᠨ ᠰᠤᠳᠤᠯᠤᠨ ᠶᠠᠷᠢᠯᠴᠠᠬᠤ ᠠᠩᠭᠢ ᠳᠤ ᠤᠷᠤᠯᠴᠠᠬᠰᠠᠨ ᠭᠠᠳᠠᠭᠠᠳᠤ ᠶᠢᠨ ᠲᠠᠯ᠎ᠠ ᠶᠢᠨ ᠵᠥᠪᠯᠡᠯᠭᠡᠨ ᠤ ᠬᠤᠷᠠᠯ ᠤᠨ ᠤᠳᠤᠷᠢᠳᠬᠤ ᠬᠥᠮᠥᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/23
      8 ᠰᠠᠷ᠎ᠠ ᠶᠢᠨ 20 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠳᠤ ᠣᠷᠣᠭᠰᠠᠨ 40 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠵᠢᠴᠢ ᠵᠢᠷᠭᠤᠳᠤᠭᠠᠷ ᠤᠳᠠᠭ᠎ᠠ ᠶᠢᠨ ᠬᠥᠭᠵᠢᠵᠦ ᠪᠠᠶᠢᠭ᠎ᠠ ᠤᠯᠤᠰ ᠤᠳ ᠤᠨ ᠵᠥᠪᠯᠡᠯᠭᠡᠨ ᠤ ᠬᠤᠷᠠᠯ ᠤᠨ ᠭᠡᠰᠢᠭᠦᠳ ᠤᠨ ᠰᠤᠳᠤᠯᠤᠨ ᠶᠠᠷᠢᠯᠴᠠᠬᠤ ᠠᠩᠭᠢ ᠳᠤ ᠤᠷᠤᠯᠴᠠᠬᠰᠠᠨ ᠭᠠᠳᠠᠭᠠᠳᠤ ᠶᠢᠨ ᠲᠠᠯ᠎ᠠ ᠶᠢᠨ ᠵᠥᠪᠯᠡᠯᠭᠡᠨ ᠤ ᠬᠤᠷᠠᠯ ᠤᠨ ᠤᠳᠤᠷᠢᠳᠬᠤ ᠬᠥᠮᠥᠰ ᠲᠠᠢ  ᠠᠭᠤᠯᠵᠠᠪᠠ᠃      ᠰᠢ ᠶᠢᠨ ᠫᠢᠩ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠨᠠᠷ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ᠂ ᠵᠥᠪᠯᠡᠯᠭᠡᠨ ᠤ ᠬᠤᠷᠠᠯ ᠤᠨ ᠳᠠᠷᠤᠭ᠎ᠠ ᠨᠠᠷ ᠠᠳᠠᠯᠢ ᠪᠤᠰᠤ ᠶᠡᠭᠡ ᠲᠢᠪ ᠠᠴᠠ ᠢᠷᠡᠭᠰᠡᠨ ᠶᠤᠮ᠂ ᠪᠢᠳᠡ ᠪᠣᠯ ᠴᠥᠮ ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ ᠮᠥᠨ᠃ ᠬᠡᠳᠦᠶᠢᠪᠡᠷ ᠡᠯ᠎ᠡ ᠤᠯᠤᠰ ᠤᠨ ᠤᠯᠤᠰ ᠤᠨ ᠪᠠᠶᠢᠳᠠᠯ ᠠᠳᠠᠯᠢ ᠪᠤᠰᠤ᠂ ᠨᠥᠬᠦᠴᠡᠯ ᠠᠳᠠᠯᠢ ᠪᠤᠰᠤ ᠪᠤᠯᠪᠠᠴᠤ ᠪᠢᠳᠡ ᠪᠣᠯ ᠴᠥᠮ ᠵᠣᠷᠢᠯᠲᠠ ᠨᠢᠭᠡᠲᠡᠢ ᠰᠠᠶᠢᠨ ᠠᠬ᠎ᠠ ᠳᠡᠭᠦᠦ᠂ ᠰᠠᠶᠢᠨ ᠬᠠᠨᠢᠲᠠᠨ ᠶᠤᠮ᠃ ᠣᠳᠣᠬᠠᠨ ᠳᠤ  ᠳᠡᠯᠡᠬᠡᠢ ᠶᠢᠨ ᠪᠠᠶᠢᠷᠢᠰᠢᠯ ᠲᠦᠷᠭᠡᠨ ᠬᠤᠪᠢᠷᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ  ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠲᠠᠶ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠶ᠎ᠡ ᠵᠣᠬᠢᠴᠠᠩᠭᠤᠢ ᠲᠣᠮᠣ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠶᠠᠪᠤᠯᠴᠠᠭ᠎ᠠ ᠪᠣᠯ ᠤᠯᠤᠰ ᠪᠣᠯᠣᠨ ᠤᠯᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠬᠠᠤᠯᠢ ᠲᠣᠭᠲᠠᠭᠠᠬᠤ ᠪᠠᠶᠢᠭᠤᠯᠤᠮᠵᠢ ᠨᠢ ᠡᠷᠬᠡ ᠲᠡᠭᠰᠢ ᠬᠠᠷᠢᠯᠴᠠᠨ ᠢᠲᠡᠭᠡᠯᠴᠡᠭᠰᠡᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢᠨ ᠬᠠᠮᠲᠤᠷᠠᠯᠴᠠᠭ᠎ᠠ ᠶᠢ ᠥᠷᠭᠡᠳᠬᠡᠬᠦ᠂ ᠨᠡᠭᠡᠭᠡᠯᠲᠡᠲᠡᠢ ᠪᠠᠭᠲᠠᠭᠠᠮᠵᠢᠲᠠᠢ ᠰᠣᠯᠢᠯᠴᠠᠭ᠎ᠠ ᠲᠣᠯᠢᠯᠠᠯ ᠢ ᠠᠬᠢᠭᠤᠯᠬᠤ᠂ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠥᠪᠡᠷᠮᠢᠴᠡ ᠬᠤᠪᠢ ᠨᠡᠮᠡᠷᠢ ᠦᠵᠡᠭᠦᠯᠭᠦ ᠬᠠᠷᠢᠭᠤᠴᠠᠯᠭ᠎ᠠ ᠲᠠᠢ ᠪᠥᠭᠡᠳ ᠴᠢᠳᠠᠪᠤᠷᠢ ᠲᠠᠢ ᠶᠤᠮ᠃ ᠳᠤᠮᠳᠠᠳᠤ ᠤᠯᠤᠰ ᠪᠣᠯ ᠢᠮᠠᠭᠲᠠ ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ ᠮᠥᠨ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠯᠤᠭ᠎ᠠ ᠪᠦᠯᠬᠦᠮᠳᠡᠨ ᠬᠠᠮᠲᠤᠷᠠᠯᠴᠠᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠭᠤᠶᠢᠪᠢᠰᠢ ᠦᠭᠡᠢ ᠰᠠᠭᠤᠷᠢ ᠮᠥᠨ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ᠂ ᠳᠤᠷᠠᠲᠠᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠲᠠᠢ ᠬᠠᠮᠲᠤ ᠪᠠᠷ ᠡᠩᠬᠡ ᠲᠠᠶᠢᠪᠤᠩ ᠢᠶᠠᠷ ᠬᠥᠭᠵᠢᠬᠦ᠂ ᠬᠠᠷᠢᠯᠴᠠᠨ ᠠᠰᠢᠭᠲᠠᠢ ᠬᠠᠮᠲᠤᠷᠠᠯᠴᠠᠬᠤ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠡᠩᠬᠡ ᠲᠠᠶᠢᠪᠤᠩ ᠢ ᠬᠠᠮᠠᠭᠠᠯᠠᠬᠤ ᠲᠣᠭᠲᠠᠭᠤᠨ ᠬᠦᠴᠦᠨ᠂ ᠨᠡᠭᠡᠭᠡᠯᠲᠡᠲᠤ ᠬᠥᠭᠵᠢᠯᠲᠡ ᠶᠢᠨ ᠲᠤᠯᠭᠠᠭᠤᠷᠢ ᠬᠦᠴᠦᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠶᠢᠨ ᠠᠬᠢᠭᠤᠯᠬᠤ ᠬᠦᠴᠦᠨ ᠪᠣᠯᠣᠨ᠎ᠠ ᠭᠡᠵᠦ ᠴᠢᠬᠤᠯᠠᠴᠢᠯᠠᠵᠠᠢ᠃      ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠭᠤᠶᠢᠪᠢᠰᠢ ᠦᠭᠡᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠡᠯ᠎ᠡ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠰᠢᠨ᠎ᠡ ᠢᠷᠡᠭᠡᠳᠦᠢ ᠶᠢ ᠨᠡᠭᠡᠭᠡᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠤᠯᠤᠰ ᠤᠨ ᠢᠶᠠᠨ ᠪᠠᠶᠢᠳᠠᠯ ᠳᠤ ᠲᠣᠬᠢᠷᠠᠬᠤ ᠣᠳᠣᠬᠢᠴᠢᠯᠠᠯᠲᠠ ᠶᠢᠨ ᠵᠠᠮ ᠢ ᠬᠠᠮᠲᠤ ᠪᠠᠷ ᠰᠦᠪᠡᠭᠴᠢᠯᠡᠨ᠎ᠡ ᠭᠡᠵᠦ ᠵᠢᠭᠠᠵᠤ ᠭᠠᠷᠭᠠᠵᠠᠢ᠃       ᠰᠢ ᠶᠢᠨ ᠫᠢᠩ᠂ ᠳᠤᠮᠳᠠᠳᠤ ᠤᠯᠤᠰ ᠤᠨ ᠵᠠᠰᠠᠯᠲᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ ᠴᠢᠳᠠᠭᠰᠠᠨ ᠤ ᠮᠠᠰᠢ ᠴᠢᠬᠤᠯᠠ ᠨᠢᠭᠡ ᠲᠤᠷᠰᠢᠯᠭ᠎ᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠦᠭᠰᠡᠨ ᠶᠠᠪᠤᠳᠠᠯ ᠪᠣᠯᠣᠨ᠎ᠠ᠃ ᠤᠴᠢᠷ ᠶᠠᠪᠤᠳᠠᠯ ᠪᠠᠶᠢᠪᠠᠯ ᠰᠠᠶᠢᠲᠤᠷ ᠵᠥᠪᠳᠡᠯᠴᠡᠵᠦ᠂ ᠤᠯᠠᠨ ᠤ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠵᠦ᠂ ᠪᠦᠭᠦ ᠨᠡᠶᠢᠭᠡᠮ ᠤᠨ ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠣᠯᠬᠤ ᠪᠣᠯ ᠠᠷᠠᠳ ᠤᠨ ᠠᠷᠠᠳᠴᠢᠯᠠᠯ ᠤᠨ ᠵᠢᠩᠬᠢᠨᠢ ᠤᠳᠬ᠎ᠠ ᠮᠥᠨ᠃ ᠪᠦᠭᠦ ᠶᠠᠪᠤᠴᠠ  ᠶᠢᠨ ᠠᠷᠠᠳ ᠤᠨ ᠠᠷᠠᠳᠴᠢᠯᠠᠯ ᠨᠢ ᠪᠦᠷᠢᠨ ᠪᠦᠲᠦᠨ ᠳᠦᠷᠢᠮ ᠤᠨ ᠲᠡᠰ ᠳᠠᠷᠠᠭᠠᠯᠠᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠪᠦᠷᠢᠨ ᠪᠦᠲᠦᠨ ᠣᠷᠤᠯᠴᠠᠬᠤ ᠦᠢᠯᠡᠳᠦᠯᠭᠡ ᠲᠠᠢ ᠪᠠᠶᠢᠵᠤ᠂ ᠥᠷᠭᠡᠨ ᠳᠡᠯᠭᠡᠷ᠂ ᠦᠨᠡᠨ ᠪᠣᠳᠠᠲᠠᠢ᠂ ᠲᠤᠰᠠᠲᠠᠢ ᠶᠤᠮ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠲᠣᠰ ᠲᠣᠰ ᠤᠨ ᠰᠣᠩᠭᠤᠭᠰᠠᠨ ᠬᠥᠭᠵᠢᠯᠲᠡ ᠶᠢᠨ ᠵᠠᠮ ᠪᠠ ᠪᠠᠶᠢᠭᠤᠯᠤᠯ ᠤᠨ ᠵᠠᠭᠪᠤᠷ ᠢᠶᠠᠨ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ᠂ ᠬᠠᠤᠯᠢ ᠲᠣᠭᠲᠠᠭᠠᠬᠤ ᠪᠠ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠬᠠᠮᠲᠤ ᠪᠠᠷ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠶ ᠪᠤᠯᠭᠠᠵᠤ᠂ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠵᠠᠢ᠃      ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠶᠢᠨ ᠲᠡᠷᠢᠭᠦᠯᠡᠭᠴᠢ᠂ ᠲᠠᠨᠽᠠᠨᠢᠶ᠎ᠠ ᠶᠢᠨ ᠤᠯᠤᠰ ᠠᠷᠠᠳ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠠᠺᠰᠦᠩ᠂ ᠨᠠᠮᠢᠪᠢᠶ᠎ᠠ ᠶᠢᠨ ᠤᠯᠤᠰ ᠠᠷᠠᠳ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠺᠠᠵᠢᠶᠠᠸᠢᠸᠢ᠂ ᠰᠦᠷᠢᠨᠠᠮ ᠤᠨ ᠤᠯᠤᠰ ᠠᠷᠠᠳ ᠤᠨ ᠵᠥᠪᠯᠡᠯᠭᠡᠨ ᠤ ᠬᠤᠷᠠᠯ ᠤᠨ ᠳᠠᠷᠤᠭ᠎ᠠ ᠪᠧᠢ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠵᠦ᠂ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠤᠷᠳᠤ ᠬᠤᠭᠤᠴᠠᠭᠠᠨ ᠤ ᠨᠥᠭᠦᠷᠰᠡᠭ ᠨᠢᠭᠲᠠ ᠬᠠᠮᠲᠤᠷᠠᠯᠴᠠᠭ᠎ᠠ ᠲᠠᠢ ᠶᠤᠮ᠂ ᠳᠤᠮᠳᠠᠳᠤ ᠤᠯᠤᠰ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠭᠤᠷᠣᠨᠳᠣᠭᠢ ᠪᠦᠯᠬᠦᠮᠳᠡᠯ᠂ ᠢᠲᠡᠭᠡᠯᠴᠡᠭᠡ᠂ ᠨᠥᠬᠦᠷᠯᠡᠯ ᠪᠣᠯᠣᠨ ᠬᠠᠮᠲᠤᠷᠠᠯᠴᠠᠭ᠎ᠠ ᠶᠢ ᠠᠬᠢᠭᠤᠯᠬᠤ ᠪᠠᠷ ᠢᠮᠠᠭᠲᠠ ᠴᠢᠷᠮᠠᠶᠢᠵᠤ᠂ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠳᠡᠯᠡᠬᠡᠢ ᠳᠡᠭᠡᠷᠡᠬᠢ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠬᠡᠳᠦᠨ ᠳ᠋ᠦᠩᠰᠢᠭᠤᠷ ᠬᠥᠮᠥᠨ ᠢ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠪᠥᠭᠡᠳ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠵᠤ᠂ ᠪᠤᠰᠤᠳ ᠬᠥᠭᠵᠢᠵᠦ ᠪᠠᠶᠢᠭ᠎ᠠ ᠤᠯᠤᠰ ᠲᠤ ᠦᠯᠢᠭᠡᠷ ᠳᠠᠭᠤᠷᠢᠶᠠᠯ ᠦᠵᠡᠭᠦᠯᠵᠦ᠂ ᠢᠲᠡᠭᠡᠯ ᠵᠣᠷᠢᠭ ᠢ ᠨᠢ ᠨᠡᠮᠡᠭᠳᠡᠭᠦᠯᠦᠭᠰᠡᠨ ᠪᠥᠭᠡᠳ ᠪᠠᠰᠠ ᠴᠢᠬᠤᠯᠠ ᠠᠵᠠ ᠲᠣᠭᠢᠶᠠᠯ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠲᠥᠪ ᠭᠤᠣᠯᠴᠢ ᠰᠢᠳᠤᠷᠭᠤ ᠶᠣᠰᠣᠨ ᠤ ᠵᠣᠭᠰᠣᠯᠲᠠ ᠶᠢ ᠪᠠᠷᠢᠮᠲᠠᠯᠠᠵᠤ᠂ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠡᠯ᠎ᠡ ᠤᠯᠤᠰ ᠤᠨ ᠵᠥᠪᠯᠡᠯᠭᠡᠨ ᠤ ᠬᠤᠷᠠᠯ ᠤᠨ ᠬᠤᠯᠪᠤᠭ᠎ᠠ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠪᠡ᠃ ᠡᠯ᠎ᠡ ᠲᠠᠯ᠎ᠠ ᠶᠢᠨ ᠬᠢᠨ᠂ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠨᠢᠲᠠᠨ ᠤ ᠬᠠᠷᠢᠯᠴᠠᠭ᠎ᠠ ᠪᠠᠨ ᠨᠢᠭᠲᠠᠷᠠᠭᠤᠯᠬᠤ ᠪᠠᠷ ᠴᠢᠷᠮᠠᠶᠢᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠡ᠂ ᠲᠦᠭᠡᠮᠡᠯ ᠬᠠᠷᠠᠭᠠᠯᠵᠠᠯᠳᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      ᠼᠠᠢ ᠴᠢ᠂ ᠸᠠᠩ ᠢ᠂ ᠯᠢ ᠬᠤᠩ ᠵᠦᠩ ᠨᠠᠷ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ