ᠲᠥᠪ ᠠᠴᠠ ᠬᠠᠮᠢᠶᠠᠷᠴᠤ ᠪᠠᠶᠢᠭ᠎ᠠ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/23
      ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ ᠡᠨᠡ ᠵᠢᠯ ᠤᠨ 8 ᠠᠴᠠ 9 ᠰᠠᠷ᠎ᠠ ᠪᠤᠯᠲᠠᠯ᠎ᠠ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠥᠪ ᠠᠴᠠ ᠬᠠᠮᠢᠶᠠᠷᠴᠤ ᠪᠠᠶᠢᠭ᠎ᠠ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢ 4 ᠬᠤᠭᠤᠴᠠᠭ᠎ᠠ ᠡᠷᠭᠢᠯᠡᠵᠦ᠂ ᠲᠥᠪ ᠠᠴᠠ ᠬᠠᠮᠢᠶᠠᠷᠴᠤ ᠪᠠᠶᠢᠭ᠎ᠠ ᠺᠠᠳ᠋ᠷ ᠢ ᠲᠥᠪᠯᠡᠷᠡᠭᠦᠯᠦᠨ ᠡᠭᠡᠯᠵᠢᠯᠡᠨ ᠪᠤᠯᠪᠠᠰᠤᠷᠠᠭᠤᠯᠬᠤ ᠪᠠᠷ ᠪᠣᠯᠪᠠ᠃ 19 ᠤ ᠦᠳᠡ ᠶᠢᠨ ᠡᠮᠦᠨ᠎ᠡ ᠨᠢᠭᠡᠳᠦᠭᠡᠷ ᠬᠤᠭᠤᠴᠠᠭᠠᠨ ᠤ ᠰᠤᠳᠤᠯᠤᠨ ᠶᠠᠷᠢᠯᠴᠠᠬᠤ ᠠᠩᠭᠢ ᠡᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠭᠠᠨ ᠵᠢᠶᠧ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠦᠭᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠯᠢ ᠭᠠᠨ ᠵᠢᠶᠧ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠡᠷᠬᠡᠪᠰᠢ ᠳᠡᠷᠡ ᠬᠡᠪ ᠢᠶᠠᠷ ᠨᠢ ᠰᠤᠷᠤᠯᠴᠠᠵᠥ᠂ ᠪᠦᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠥ᠂ ᠪᠦᠭᠦᠳᠡ ᠬᠤᠷᠠᠯ ᠤᠨ ︽ᠲᠣᠭᠲᠠᠭᠠᠯ︾ ᠢ ᠰᠤᠷᠤᠯᠴᠠᠨ ᠣᠶᠢᠯᠠᠭᠠᠬᠤ ᠪᠠ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠣᠶᠢᠯᠠᠭᠠᠬᠤ ᠶᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠭᠦᠨᠵᠡᠭᠡᠢ ᠣᠶᠢᠯᠠᠭᠠᠵᠤ᠂ ᠨᠡᠪᠲᠡᠷᠡᠳᠡᠯ᠎ᠡ ᠣᠶᠢᠯᠠᠭᠠᠵᠤ᠂ ᠣᠨᠣᠪᠴᠢᠲᠠᠢ ᠡᠵᠡᠮᠳᠡᠬᠦ ᠬᠡᠷᠡᠭᠲᠡᠢ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠮᠡᠳᠡᠬᠦ ᠪᠠᠷ ᠬᠢᠬᠦ ᠶᠢ ᠠᠬᠢᠭᠤᠯᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠲᠤᠭᠤᠰᠢᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ