ᠲᠥᠪ ᠤᠨ ᠳᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/23
      ᠲᠥᠪ ᠤᠨ ᠳᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ 8 ᠰᠠᠷ᠎ᠠ ᠶᠢᠨ 20 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠶᠢᠬᠤ ᠱᠠᠭᠠᠷᠳᠠᠯᠭ᠎ᠠ ᠪᠠᠷ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠨᠠᠮ ᠤᠨ ᠳᠣᠲᠣᠭᠠᠳᠤ ᠶᠢᠨ ᠴᠢᠬᠤᠯᠠ ᠬᠠᠤᠯᠢ ᠲᠣᠭᠲᠠᠭᠠᠯ ᠮᠥᠨ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ᠃ ᠪᠢᠴᠢᠭ ᠮᠠᠲ᠋ᠧᠷᠢᠶᠠᠯ ᠢ ᠴᠤᠮᠬᠠᠳᠬᠠᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠬᠦ ᠬᠡᠷᠡᠭᠲᠡᠢ᠃ ᠬᠤᠷᠠᠯ ᠢ ᠴᠥᠭᠡᠳᠬᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠡᠷᠦᠩᠬᠡᠢ ᠬᠡᠮᠵᠢᠶ᠎ᠡ ᠶᠢ ᠦᠨᠡᠨ ᠬᠦ ᠪᠠᠭᠠᠰᠬᠠᠵᠤ᠂ ᠳᠠᠪᠲᠠᠮᠵᠢ ᠤᠳᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ᠃ ᠺᠠᠳ᠋ᠷ ᠢ ᠵᠢᠭᠡᠯᠡᠨ ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠢᠭᠡᠨᠲᠡ ᠪᠠᠶᠢᠭ᠎ᠠ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠲᠣᠭᠲᠠᠪᠤᠷᠢᠵᠢᠭᠤᠯᠤᠭᠠᠳ ᠳᠦᠷᠢᠮ ᠪᠣᠯᠭᠠᠨ᠎ᠠ᠃ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶ᠎ᠡ ᠶᠢᠨ ᠬᠡᠷᠡᠭᠯᠡᠭᠡᠨ ᠤ ᠫᠷᠣᠭ᠍ᠷᠠᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠠᠴᠢᠯᠠᠯᠲᠠ ᠪᠠᠷ ᠦᠨᠳᠦᠰᠦᠨ ᠱᠠᠲᠤᠨ ᠤ ᠠᠵᠢᠯ ᠳᠤ ᠴᠢᠳᠠᠪᠬᠢ ᠣᠯᠭᠤᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠣᠳᠣᠷᠬᠠᠶᠢᠯᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠮᠵᠢ ᠣᠯᠭᠤᠬᠤ ᠶᠢ ᠨᠢᠭᠡᠳᠦᠯᠲᠡᠢ ᠲᠥᠯᠥᠪᠯᠡᠨ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠪᠠ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠠᠵᠢᠯ ᠤᠨ ᠣᠶᠢᠯᠠᠭᠠᠭᠳᠠᠬᠤᠨ ᠪᠠ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠦᠨᠳᠦᠰᠦᠨ ᠱᠠᠲᠤᠨ ᠤ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ︽ᠳᠠᠷᠤᠭᠠᠰᠤ ᠶᠢ ᠬᠥᠩᠭᠡᠷᠡᠭᠦᠯᠬᠦ︾ ᠨᠢ ︽ᠬᠠᠷᠢᠭᠤᠴᠠᠯᠭ᠎ᠠ ᠶᠢ ᠬᠥᠩᠭᠡᠷᠡᠭᠦᠯᠬᠦ︾ ᠪᠢᠰᠢ᠂ ︽ᠡᠭᠦᠷᠭᠡᠯᠡᠯ ᠢ ᠬᠥᠩᠭᠡᠷᠡᠭᠦᠯᠬᠦ︾ ᠪᠢᠰᠢ ᠭᠡᠳᠡᠭ ᠢ ᠭᠦᠨᠵᠡᠭᠡᠢ ᠲᠠᠨᠢᠭᠤᠯᠵᠤ᠂ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠠᠮ ᠨᠡᠭᠡᠭᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠪᠤᠯᠭᠠᠬᠤ ᠬᠡᠷᠡᠭᠲᠡᠢ᠃ ᠢᠵᠢ ᠪᠦᠷᠢᠳᠦᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠱᠠᠭᠠᠷᠳᠠᠯᠭ᠎ᠠ ᠶᠢ ᠴᠢᠨᠠᠭᠰᠢᠳᠠ ᠨᠠᠷᠢᠯᠢᠭᠵᠢᠭᠤᠯᠵᠤ᠂ ᠶᠠᠪᠤᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠠᠵᠢᠯ ᠢ ᠱᠠᠯᠠᠪᠳᠠᠭᠤᠯᠤᠨ ᠵᠢᠯᠤᠭᠤᠳᠬᠤ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠡᠶᠢᠲᠡᠯᠢᠭ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠢᠯᠡ ᠨᠡᠶᠢᠲᠡᠯᠡᠬᠦ ᠶᠢ ᠪᠠᠶᠢᠩᠭᠤᠵᠢᠭᠤᠯᠤᠨ ᠰᠠᠶᠢᠲᠤᠷ ᠬᠢᠵᠦ᠂ ︽ᠨᠢᠭᠡ ᠠᠰᠠᠭᠤᠳᠠᠯ ᠢ ᠰᠢᠢᠳᠪᠦᠷᠢᠯᠡᠬᠦ︾ ᠠᠴᠠ ︽ᠨᠢᠭᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ︾ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠥᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠪᠠᠳᠠᠷᠠᠭᠤᠯᠵᠤ᠂ ᠲᠣᠭᠲᠠᠭᠠᠯ ᠱᠠᠭᠠᠷᠳᠠᠯᠭ᠎ᠠ ᠶᠢ ᠡᠯ᠎ᠡ ᠱᠤᠭᠤᠮ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠭᠦᠷᠳᠡᠯ᠎ᠡ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠠᠰᠤᠷᠠᠯᠲᠠ ᠦᠭᠡᠢ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠤᠰᠬᠠᠢ ᠠᠵᠢᠯ ᠤᠨ ᠲᠣᠭᠲᠠᠴᠠ ᠶᠢᠨ ᠪᠦᠷᠢᠯᠳᠦᠭᠦᠨ ᠨᠢᠭᠡᠴᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠤᠵᠢ ᠣᠷᠣᠨ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠭᠤᠯᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ