2024 ᠣᠨ ᠤ ᠪᠦᠭᠦ ᠪᠥᠮᠪᠥᠷᠴᠡᠭ ᠤᠨ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠤᠨ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ  ᠢ ᠠᠬᠢᠭᠤᠯᠬᠤ ᠶᠡᠭᠡ ᠬᠤᠷᠠᠯ ᠰᠢᠶᠠᠩᠭᠠᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/23
      2024 ᠣᠨ ᠤ ᠪᠦᠭᠦ ᠪᠥᠮᠪᠥᠷᠴᠡᠭ ᠤᠨ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠤᠨ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ ᠢ ᠠᠬᠢᠭᠤᠯᠬᠤ ᠶᠡᠭᠡ ᠬᠤᠷᠠᠯ 8 ᠰᠠᠷ᠎ᠠ ᠶᠢᠨ 20 ᠤ ᠡᠳᠦᠷ ᠰᠢᠶᠠᠩᠭᠠᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠪᠠᠶᠠᠷ ᠤᠨ ᠵᠠᠬᠢᠳᠠᠯ ᠢᠯᠡᠭᠡᠵᠦ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      ᠸᠠᠩ ᠬᠤ᠋ ᠨᠢᠩ᠂ ᠤᠷᠳᠤ ᠬᠤᠭᠤᠴᠠᠭᠠᠨ ᠤ ᠲᠤᠷᠰᠢ᠂ ᠰᠢᠶᠠᠩᠭᠠᠩ ᠣᠣᠮᠧᠨ ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠦᠨᠳᠦᠰᠦᠲᠡᠨ ᠤ ᠶᠡᠭᠡ ᠵᠢᠷᠤᠮ ᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠥᠳᠡᠯᠭᠡᠭᠡᠨ ᠳᠤ ᠢᠳᠡᠪᠬᠢᠲᠡᠢ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠳᠡᠯᠡᠬᠡᠢ ᠨᠡᠶᠢᠭᠡᠮ ᠤᠨ ᠬᠢᠨ ᠤ ᠨᠢᠭᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠶᠢ ᠠᠬᠢᠭᠤᠯᠬᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ ᠢ ᠠᠬᠢᠭᠤᠯᠬᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠡᠲᠡᠭᠡᠳ ᠤᠨ ᠤᠯᠤᠰ ᠢᠶᠠᠨ ᠬᠠᠶᠢᠷᠠᠯᠠᠬᠤ ᠨᠥᠭᠦᠷᠰᠡᠭ ᠬᠥᠮᠥᠰ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠤᠶᠤᠨ ᠤᠬᠠᠭᠠᠨ ᠢᠶᠠᠨ ᠨᠢᠭᠲᠠᠷᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠶᠠᠩᠭᠠᠩ ᠣᠣᠮᠧᠨ ᠲᠠᠶᠢᠸᠠᠨ ᠤ ᠭᠠᠳᠠᠭᠠᠳᠤ ᠳᠠᠬᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠥᠳᠡᠯᠭᠡᠭᠡᠨ ᠤ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠸᠠᠩ ᠬᠤ᠋ ᠨᠢᠩ᠂ ᠡᠷᠡᠰ ᠪᠠᠲᠤ ᠨᠢᠭᠡᠳᠦᠭᠰᠡᠨ ᠤᠯᠤᠰ ᠪᠣᠯ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ ᠬᠤᠯᠪᠣᠯᠳᠤᠵᠤ ᠪᠠᠶᠢᠳᠠᠭ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠳᠤ ᠶᠢᠨ ᠬᠥᠭᠵᠢᠯᠲᠡ ᠠᠴᠠ ᠬᠤᠶᠠᠷ ᠬᠥᠪᠡᠭᠡᠨ ᠤ ᠬᠠᠷᠢᠴᠠᠭ᠎ᠠ ᠶᠢᠨ ᠶᠡᠭᠡ ᠲᠠᠯ᠎ᠠ ᠶᠢ ᠡᠵᠡᠮᠳᠡᠵᠦ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠡᠷᠡᠰ ᠭᠤᠶᠢᠪᠢᠰᠢ ᠦᠭᠡᠢ ᠠᠬᠢᠭᠤᠯᠪᠠ᠃ ᠥᠷᠭᠡᠨ ᠤᠯᠠᠨ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠬᠠᠮᠲᠤ ᠪᠠᠷ ᠡᠰᠡᠷᠭᠦᠴᠡᠨ ᠨᠢᠭᠡᠳᠦᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ ᠳᠤᠮᠳᠠᠳᠤᠴᠤᠳ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠡᠬᠡ ᠤᠯᠤᠰ ᠤᠨ ᠨᠢᠭᠡᠳᠦᠯ ᠤᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ ᠶᠡᠭᠡ ᠬᠤᠷᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ᠃ ᠲᠡᠷᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠰᠢᠶᠠᠩᠭᠠᠩ ᠳᠤ ᠴᠤᠭᠯᠠᠷᠠᠵᠤ᠂ ᠪᠦᠭᠦ ᠪᠥᠮᠪᠥᠷᠴᠡᠭ ᠤᠨ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠤᠨ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ ᠢ ᠠᠬᠢᠭᠤᠯᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠬᠢᠵᠦ᠂ ᠤᠯᠤᠰ ᠤᠨ ᠨᠢᠭᠡᠳᠦᠯ ᠤᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ ᠪᠠᠶᠢᠭ᠎ᠠ ᠨᠢ ᠯᠠᠪᠲᠠᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠦᠢᠯᠡᠰ ᠤᠨ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠪᠠᠶᠢᠳᠠᠯ ᠡᠭᠦᠳᠬᠦ ᠶᠢ ᠬᠦᠴᠦᠲᠡᠢ ᠠᠬᠢᠭᠤᠯᠬᠤ ᠪᠣᠯᠣᠨ᠎ᠠ᠃ ᠥᠷᠭᠡᠨ ᠣᠯᠠᠨ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠲᠦ ᠶᠢᠨ ᠬᠥᠭᠵᠢᠯᠲᠡ ᠠᠴᠠ ᠡᠭᠦᠰᠴᠦ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠴᠢᠨᠠᠭᠰᠢᠳᠠ ᠪᠠᠲᠤᠳᠬᠠᠵᠤ᠂ ᠡᠬᠡ ᠤᠯᠤᠰ ᠤᠨ ᠨᠢᠭᠡᠳᠦᠯ ᠤᠨ ᠢᠲᠡᠭᠡᠯ ᠢᠶᠠᠨ ᠪᠠᠲᠤᠳᠬᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠢ ᠡᠷᠡᠰ ᠡᠰᠡᠷᠭᠦᠴᠡᠵᠦ᠂ ᠠᠬ᠎ᠠ ᠳᠡᠭᠦᠦ ᠨᠠᠷ ᠤᠨ ᠠᠵᠠ ᠵᠢᠷᠭᠠᠯ ᠢ ᠡᠷᠡᠰ ᠨᠡᠮᠡᠭᠳᠡᠭᠦᠯᠵᠦ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠭᠠᠷ ᠬᠤᠯᠪᠣᠨ ᠰᠠᠬᠢᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠠᠵᠠ ᠵᠢᠷᠭᠠᠯ ᠢ ᠰᠡᠳᠬᠢᠯ ᠨᠢᠭᠡᠳᠦᠨ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠶᠡᠭᠡ ᠬᠤᠷᠠᠯ ᠢ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ ᠢ ᠠᠬᠢᠭᠤᠯᠬᠤ ᠬᠤᠷᠠᠯ ᠤᠨ ᠰᠢᠶᠠᠩᠭᠠᠩ ᠤᠨ ᠶᠡᠷᠦᠩᠬᠡᠢ ᠬᠤᠷᠠᠯ ᠠᠴᠠ ᠭᠤᠣᠯᠯᠠᠨ ᠡᠷᠭᠢᠯᠡᠵᠦ᠂ ︽ᠳᠤᠮᠳᠠᠳᠤ ᠤᠯᠤᠰ ᠢ ᠨᠠᠶᠢᠷᠠᠮᠳᠠᠯ ᠢᠶᠠᠷ ᠨᠢᠭᠡᠳᠬᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠶ᠎ᠠ︾ ᠪᠠᠷ ᠭᠤᠣᠯ ᠰᠡᠳᠦᠪ ᠪᠣᠯᠭᠠᠵᠠᠢ᠃ ᠬᠤᠷᠠᠯ ᠠᠴᠠ ︽ᠰᠢᠶᠠᠩᠭᠠᠩ ᠤᠨ ᠲᠤᠩᠬᠠᠭ · 2024︾ ᠶᠢ ᠪᠠᠲᠤᠯᠠᠵᠤ᠂ ᠬᠤᠷᠠᠯ ᠤᠨ ᠳᠠᠷᠠᠭ᠎ᠠ ᠰᠢᠶᠠᠩᠭᠠᠩ ᠣᠣᠮᠧᠨ ᠲᠠᠶᠢᠸᠠᠨ ᠵᠢᠴᠢ ᠭᠠᠳᠠᠭᠠᠳᠤ ᠶᠢᠨ ᠬᠦᠨᠳᠦᠲᠦ ᠵᠣᠴᠢᠳ ︽ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠤᠶ᠎ᠠ︾᠂ ︽ᠵᠠᠯᠠᠭᠤᠴᠤᠳ ᠤᠨ ᠬᠦᠴᠦᠨ ᠢ ᠪᠠᠳᠠᠷᠠᠭᠤᠯᠵᠤ᠂ ᠡᠬᠡ ᠤᠯᠤᠰ ᠤᠨ ᠨᠢᠭᠡᠳᠦᠯ ᠢ ᠠᠬᠢᠭᠤᠯᠤᠶ᠎ᠠ︾᠂ ︽ᠰᠢᠨ᠎ᠡ ᠴᠠᠭ ᠦᠶ᠎ᠡ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠢ ᠬᠡᠷᠬᠢᠨ ᠨᠠᠩ ᠰᠠᠶᠢᠲᠤᠷ ᠤᠯᠠᠮᠵᠢᠯᠠᠨ ᠬᠥᠭᠵᠢᠭᠦᠯᠬᠦ ᠪᠤᠢ︾ ᠵᠡᠷᠭᠡ ᠭᠤᠣᠯ ᠰᠡᠳᠦᠪ ᠤᠨ ᠲᠣᠭᠤᠷᠢᠨ ᠳᠤ ᠬᠤᠪᠢᠶᠠᠷᠢ ᠶᠠᠷᠢᠶᠠᠨ ᠤ ᠲᠠᠪᠴᠠᠩ ᠢ ᠡᠷᠭᠢᠯᠡᠪᠡ᠃      ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠦᠯᠭᠦᠮ ᠤᠨ ᠬᠠᠷᠢᠭᠤᠴᠠᠯᠭᠠᠲᠠᠨ ᠨᠥᠭᠦᠳ; ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠵᠢᠴᠢ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠰᠢᠶᠠᠩᠭᠠᠩ ᠳᠤ ᠰᠠᠭᠤᠭ᠎ᠠ ᠲᠥᠪ ᠤᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠨᠥᠭᠦᠳ; ᠰᠢᠶᠠᠩᠭᠠᠩ ᠣᠣᠮᠧᠨ ᠲᠠᠶᠢᠸᠠᠨ ᠤ ᠬᠤᠯᠪᠣᠭᠳᠠᠯ ᠪᠦᠬᠦᠢ ᠪᠦᠯᠭᠦᠮ ᠤᠨ ᠲᠥᠯᠥᠭᠡᠯᠡᠭᠴᠢ᠂ ᠭᠠᠳᠠᠭᠠᠳᠤ ᠳᠠᠬᠢ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠦᠢᠯᠡᠰ ᠢ ᠠᠬᠢᠭᠤᠯᠬᠤ ᠵᠥᠪᠯᠡᠯ ᠤᠨ ᠵᠣᠬᠢᠶᠠᠨ ᠪᠠᠶᠢᠭᠤᠯᠤᠯᠲᠠ᠂ ᠤᠯᠤᠰ ᠢᠶᠠᠨ ᠬᠠᠶᠢᠷᠠᠯᠠᠬᠤ ᠬᠠᠷᠢᠶᠠᠲᠤ ᠨᠠᠷ ᠤᠨ ᠪᠦᠯᠭᠦᠮ ᠤᠨ ᠲᠥᠯᠥᠭᠡᠯᠡᠭᠴᠢ 1200 ᠭᠠᠷᠤᠢ ᠬᠥᠮᠥᠨ ᠬᠤᠷᠠᠯ ᠳᠤ ᠣᠷᠣᠯᠴᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ