ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2024/8/23
      ᠳ᠋ᠧᠩ  ᠰᠢᠶᠣᠣ  ᠫᠢᠩ ᠨᠥᠬᠦᠷ ᠤᠨ  ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ          ︵2024 ᠣᠨ ᠤ  8 ᠰᠠᠷ᠎ᠠ ᠶᠢᠨ  22 ᠤᠨ ᠡᠳᠦᠷ︶                   ᠰᠢ ᠶᠢᠨ ᠫᠢᠩᠨᠥᠬᠦᠳ ᠠ᠋᠂ ᠨᠠᠶᠢᠵᠠ ᠨᠠᠷ ᠠ᠋᠄      ᠡᠨᠡ ᠡᠳᠦᠷ  ᠪᠢᠳᠡ ᠠᠳᠡ ᠦᠪᠡᠳᠡᠭᠰᠢ ᠶᠡᠭᠡ ᠴᠤᠭᠯᠠᠭᠠᠨ ᠪᠣᠯᠵᠤ᠂ ᠬᠦᠨᠳᠦᠲᠦ ᠬᠠᠶᠢᠷᠠᠲᠤ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠵᠤ ᠪᠠᠶᠢᠨ᠎ᠠ᠃      ᠳ᠋ᠧᠩ ᠰᠢᠶᠣᠣ ᠫᠢᠩ ᠨᠥᠬᠦᠷ ᠪᠣᠯ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠶᠠᠪᠤᠳᠠᠯ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠤᠬᠠᠭᠠᠨᠲᠠᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠪᠯᠡᠭᠴᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠨᠡᠭᠡᠭᠡᠨ ᠡᠭᠦᠳᠦᠭᠴᠢ᠂ ᠳ᠋ᠧᠩ ᠰᠢᠶᠣᠣ ᠫᠢᠩ ᠤᠨ ᠤᠨᠤᠯ ᠤᠨ ᠭᠤᠣᠯ ᠡᠭᠦᠳᠦᠭᠴᠢ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃      ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠶᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠂ ᠲᠡᠷᠡ ᠨᠠᠮ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂ ᠳᠡᠯᠡᠬᠡᠢ ᠳ᠋ᠠᠬᠢᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠭᠠᠪᠢᠶ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ  ᠪᠣᠯᠣᠨ᠎ᠠ᠃      ᠳ᠋ᠧᠩ ᠰᠢᠶᠣᠣ ᠫᠢᠩ ᠨᠥᠬᠦᠷ ᠰᠧᠴᠤᠸᠠᠨ ᠮᠤᠵᠢ ᠶᠢᠨ ᠭᠤᠸᠠᠩ ᠠᠨ ᠰᠢᠶᠠᠨ ᠳᠤ ᠲᠦᠷᠦᠵᠡᠢ᠃ ᠹᠧᠣᠳᠠᠯ ᠤᠨ ᠨᠣᠶᠠᠷᠬᠠᠯ ᠤᠨ ᠢᠯᠵᠢᠷᠡᠯ᠂ ᠥᠷᠥᠨᠡᠳᠠᠬᠢᠨ ᠤ ᠬᠦᠴᠦᠷᠬᠡᠭ ᠤᠯᠤᠰ ᠤᠳ ᠤᠨ ᠲᠦᠷᠢᠮᠡᠬᠡᠶᠢᠯᠡᠯ᠂ ᠠᠷᠠᠳ ᠲᠦᠮᠡᠨ ᠤ ᠥᠯᠥᠰᠬᠦᠯᠡᠩ ᠵᠣᠪᠠᠯᠠᠩ ᠳᠠᠪᠬᠤᠴᠠᠭᠰᠠᠨ ᠬᠦᠨᠳᠦ ᠬᠡᠴᠡᠭᠦᠦ ᠦᠨᠳᠦᠰᠦᠲᠡᠨ ᠤ ᠭᠠᠢ ᠭᠠᠮᠰᠢᠭ ᠤᠨ ᠡᠮᠦᠨ᠎ᠡ᠂ ᠪᠠᠭ᠎ᠠ ᠨᠠᠰᠤᠨ ᠳᠠᠭᠠᠨ ᠳ᠋ᠧᠩ ᠰᠢᠶᠣᠣ ᠫᠢᠩ ᠨᠤᠲᠤᠭ ᠲᠠᠭᠠᠨ ᠣᠯᠠᠨ ᠲᠦᠮᠡᠨ ᠤ ᠲᠡᠮᠡᠴᠡᠯ ᠳᠤ ᠢᠳᠡᠪᠬᠢᠲᠡᠢ ᠣᠷᠣᠯᠴᠠᠵᠤ᠂ ᠰᠡᠭᠦᠯᠡᠷ ᠨᠢ ᠡᠸᠦ᠋ᠷᠦᠫᠡ ᠳᠤ ᠣᠴᠢᠵᠤ ᠠᠵᠢᠯᠴᠢ ᠠᠷᠪᠢᠴᠢ ᠪᠠᠷ ᠰᠣᠷᠣᠯᠴᠠᠵᠥ᠂ ᠮᠠᠷᠺᠰ ᠤᠨ ᠦᠵᠡᠯ ᠢ ᠭᠤᠶᠢᠪᠢᠰᠢ ᠦᠭᠡᠢ ᠰᠣᠩᠭᠤᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃      1927 ᠣᠨ ᠳᠤ᠂ ᠳ᠋ᠧᠩ ᠰᠢᠶᠣᠣ ᠫᠢᠩ ᠨᠥᠬᠦᠷ ᠵᠥᠪᠯᠡᠯᠲᠦ ᠬᠤᠯᠪᠣᠭᠠᠲᠤ ᠤᠯᠤᠰ ᠠᠴᠠ ᠤᠯᠤᠰ ᠲᠠᠭᠠᠨ ᠪᠤᠴᠠᠵᠤ ᠨᠠᠮ ᠤᠨ ᠤᠳᠤᠷᠢᠳᠤᠭᠰᠠᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠡᠮᠡᠴᠡᠯ ᠳᠤ ᠣᠷᠣᠯᠴᠠᠪᠠ᠃ ᠲᠡᠷᠡ ᠪᠠᠶᠢᠰᠧ ᠶᠢᠨ ᠪᠣᠰᠣᠯᠭ᠎ᠠ ᠪᠠ ᠯᠥᠩ ᠵᠧᠦ ᠶᠢᠨ ᠪᠣᠰᠣᠯᠭ᠎ᠠ ᠶᠢ ᠵᠠᠯᠭᠠᠭ᠎ᠠ ᠪᠠᠷ ᠤᠳᠤᠷᠢᠳᠴᠤ᠂ ᠽᠥᠸᠧᠵᠢᠶᠠᠩ ᠶᠢᠥᠵᠢᠶᠠᠩ ᠤᠨ ᠬᠤᠪᠢᠰᠬᠠᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠲᠥᠪ ᠤᠨ  ᠬᠤᠪᠢᠰᠬᠠᠯ ᠤᠨ ᠰᠠᠭᠤᠷᠢᠨ ᠭᠠᠵᠠᠷ ᠤᠨ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠣᠷᠳᠣ ᠵᠠᠮ ᠤᠨ ᠠᠶᠠᠨ ᠲᠠᠶᠢᠨ ᠪᠠ ᠽᠦᠨ ᠢ ᠶᠢᠨ ᠬᠤᠷᠠᠯᠳᠤᠭᠠᠨ ᠢ ᠪᠡᠶ᠎ᠡ ᠪᠠᠷ ᠢᠶᠠᠨ ᠥᠩᠭᠡᠷᠡᠭᠡᠪᠡ᠃ ᠶᠠᠫᠤᠨ ᠢ ᠡᠰᠡᠷᠭᠦᠴᠡᠬᠦ ᠲᠠᠶᠢᠨ ᠪᠣᠯᠣᠨ ᠴᠢᠯᠦᠭᠡᠯᠡᠬᠦ ᠲᠠᠶᠢᠨ ᠤ ᠬᠤᠭᠤᠴᠠᠭᠠᠨ ᠳᠤ᠂ ᠲᠡᠷᠡ ᠯᠢᠦ ᠪᠦᠸᠧ ᠴᠧᠩ᠂ ᠴᠧᠨ ᠢ ᠵᠡᠷᠭᠡ ᠨᠥᠬᠦᠳ ᠲᠠᠢ ᠬᠠᠮᠲᠤ  ᠤᠷᠢᠳ ᠬᠤᠵᠢᠳ ᠱᠠᠨ ᠰᠢ ᠾᠧᠪᠧᠢ ᠱᠠᠨᠳᠦ᠋ᠩ ᠾᠧᠨᠠᠨ ᠤ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠢ ᠪᠠᠶᠢᠭᠤᠯᠵᠤ᠂ ᠴᠡᠷᠢᠭ ᠠᠩᠭᠢ ᠪᠠᠨ ᠳᠠᠭᠠᠭᠤᠯᠤᠨ ᠮᠢᠩᠭᠠᠨ ᠭᠠᠵᠠᠷ ᠤᠨ ᠠᠯᠤᠰ ᠠᠴᠠ ᠳ᠋ᠠ ᠪᠢᠶᠧ ᠱᠠᠨ ᠠᠭᠤᠯᠠᠨ ᠳᠤ ᠣᠷᠣᠵᠤ᠂ ᠬᠤᠸᠠᠢ ᠬᠠᠢ ᠶᠢᠨ ᠳᠠᠶᠢᠯᠠᠯᠳᠤᠭᠠᠨ ᠪᠣᠯᠣᠨ ᠬᠥᠬᠡᠮᠥ᠋ᠷᠡᠨ ᠢ ᠭᠠᠲᠤᠯᠬᠤ ᠳᠠᠶᠢᠯᠠᠯᠳᠤᠭᠠᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠤᠳᠤᠷᠢᠳᠤᠭᠰᠠᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠠᠷᠠᠳ ᠤᠨ ᠴᠢᠯᠦᠭᠡᠯᠡᠯᠲᠡ ᠶᠢᠨ ᠦᠢᠯᠡᠰ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠪᠡ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠳ᠋ᠧᠩ ᠰᠢᠶᠣᠣ ᠫᠢᠩ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠷᠠᠭᠤᠨ ᠡᠮᠦᠨᠡᠲᠦ ᠣᠷᠣᠨ ᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠪᠡ᠃ ᠲᠡᠷᠡ ᠯᠢᠦ ᠪᠦᠸᠧ ᠴᠧᠩ᠂ ᠾᠧ ᠯᠦᠩ ᠨᠥᠬᠦᠷ ᠲᠠᠢ ᠬᠠᠮᠲᠤ ᠴᠡᠷᠢᠭ ᠠᠩᠭᠢ ᠪᠠᠨ ᠳᠠᠭᠠᠭᠤᠯᠤᠨ ᠪᠠᠷᠠᠭᠤᠨ ᠡᠮᠦᠨᠡᠲᠦ ᠣᠷᠣᠨ ᠢ ᠴᠢᠯᠦᠭᠡᠯᠡᠵᠦ᠂ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠤᠳᠤᠷᠢᠳᠴᠤ᠂ ᠲᠥᠪᠡᠳ ᠲᠤ ᠣᠷᠣᠬᠤ ᠪᠠ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠬᠦ ᠠᠵᠢᠯ ᠢ ᠤᠳᠤᠷᠢᠳᠬᠤ ᠳᠤ ᠣᠷᠣᠯᠴᠠᠵᠤ᠂ ᠪᠠᠷᠠᠭᠤᠨ ᠡᠮᠦᠨᠡᠲᠦ ᠣᠷᠣᠨ ᠤ ᠯᠤᠲᠤ ᠶᠡᠭᠡ ᠬᠤᠪᠢᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃      1952 ᠣᠨ ᠤ 7 ᠰᠠᠷ᠎ᠠ ᠠᠴᠠ ᠬᠤᠶᠢᠰᠢ᠂ ᠳ᠋ᠧᠩ ᠰᠢᠶᠣᠣ ᠫᠢᠩ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠶᠡᠷᠦᠩᠬᠡᠢ ᠰᠠᠶᠢᠳ ᠵᠡᠷᠭᠡ ᠲᠤᠰᠢᠶᠠᠯ ᠢ ᠬᠠᠷᠢᠭᠤᠴᠠᠪᠠ᠃ 1956 ᠣᠨ ᠤ ᠨᠠᠮ ᠤᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠪᠦᠭᠦᠳᠡ ᠬᠤᠷᠠᠯ ᠳᠡᠭᠡᠷ᠎ᠡ᠂ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ  ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠᠷ ᠰᠣᠩᠭᠤᠭᠳᠠᠵᠤ᠂ ᠮᠠᠤ ᠽᠧ ᠳ᠋ᠦᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠴᠢᠬᠤᠯᠠ ᠪᠦᠷᠢᠯᠳᠦᠭᠦᠨ ᠪᠣᠯᠵᠠᠢ᠃ ᠡᠭᠦᠨ ᠠᠴᠠ ᠬᠤᠶᠢᠰᠢᠬᠢ 10 ᠵᠢᠯ ᠤᠨ ᠬᠤᠭᠤᠴᠠᠭᠠᠨ ᠳᠤ᠂ ᠲᠡᠷᠡ ᠨᠠᠮ ᠤᠨ ᠲᠥᠪ ᠬᠤᠷᠢᠶ᠎ᠠ ᠶᠢᠨ  ᠶᠡᠭᠡ ᠬᠡᠮᠵᠢᠶᠡᠨ ᠤ ᠡᠳᠦᠷ ᠲᠤᠳᠤᠮ ᠤᠨ ᠠᠵᠢᠯ ᠢ ᠬᠠᠷᠢᠭᠤᠴᠠᠵᠤ᠂ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠬᠤ ᠪᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠮᠠᠰᠢ ᠤᠯᠠᠨ ᠵᠥᠪ ᠵᠣᠷᠢᠯᠲᠠ ᠶᠢ ᠳᠤᠷᠠᠳᠤᠨ᠂ ᠮᠠᠰᠢ ᠪᠦᠲᠦᠮᠵᠢᠲᠡᠢ ᠠᠵᠢᠯ ᠥᠷᠨᠢᠭᠦᠯᠪᠡ᠃︽ᠰᠣᠶᠣᠯ ᠤᠨ ᠶᠡᠭᠡ ᠬᠤᠪᠢᠰᠬᠠᠯ︾ᠡᠬᠢᠯᠡᠭᠡᠳ ᠳᠡᠮᠡᠢ ᠤᠳᠠᠭᠰᠠᠨ ᠦᠭᠡᠢ᠂ ᠲᠡᠷᠡ ᠪᠤᠷᠤᠭᠤ ᠪᠠᠷ ᠰᠢᠭᠦᠮᠵᠢᠯᠡᠭᠳᠡᠨ ᠲᠡᠮᠡᠴᠡᠭᠳᠡᠵᠦ᠂ ᠠᠯᠢᠪᠠ ᠲᠤᠰᠢᠶᠠᠯ ᠠᠴᠠ ᠪᠠᠨ ᠤᠭᠴᠠᠷᠠᠭᠳᠠᠪᠠ᠃ 1973 ᠣᠨ ᠳᠤ ᠲᠡᠷᠡ ᠠᠵᠢᠯ ᠢᠶᠠᠨ ᠰᠡᠷᠭᠦᠭᠡᠵᠡᠢ᠃ 1975 ᠣᠨ ᠳᠤ ᠲᠡᠷᠡ ᠨᠠᠮ᠂ ᠲᠦᠷᠦ᠂ ᠴᠡᠷᠢᠭ ᠠᠩᠭᠢ ᠶᠢᠨ ᠡᠳᠦᠷ ᠳᠤᠳᠤᠮ ᠤᠨ ᠠᠵᠢᠯ ᠢ ᠡᠷᠭᠢᠯᠡᠵᠦ᠂︽ᠰᠣᠶᠣᠯ ᠤᠨ ᠶᠡᠭᠡ ᠬᠤᠪᠢᠰᠬᠠᠯ︾ ᠤᠨ ᠪᠤᠢ ᠪᠤᠯᠭᠠᠬᠰᠠᠨ ᠬᠦᠨᠳᠦ ᠨᠣᠴᠢᠲᠠᠢ ᠰᠠᠮᠠᠭᠤᠨ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠪᠦᠭᠦ ᠲᠠᠯ᠎ᠠ ᠶᠢᠨ ᠴᠡᠭᠴᠡᠯᠡᠯᠲᠡ ᠶᠢ ᠶᠡᠭᠡ ᠪᠠᠷ ᠥᠷᠨᠢᠭᠦᠯᠵᠦ᠂ ︽ᠳᠦᠷᠪᠡᠨ ᠬᠥᠮᠥᠨ ᠤ ᠪᠦᠯᠦᠭ︾ ᠲᠠᠢ ᠠᠰ ᠲᠤᠯᠤᠨ ᠲᠡᠮᠡᠴᠡᠯ ᠶᠠᠪᠤᠭᠤᠯᠪᠠ᠃ ᠤᠳᠠᠭᠰᠠᠨ ᠦᠭᠡᠢ ᠲᠡᠷᠡ ᠳᠠᠬᠢᠨᠲᠠ ᠪᠤᠷᠤᠭᠤ ᠪᠠᠷ ᠲᠤᠰᠢᠶᠠᠯ ᠠᠴᠠ ᠪᠠᠨ ᠤᠬᠴᠠᠷᠠᠬᠳᠠᠵᠤ᠂ ᠰᠢᠭᠦᠮᠵᠢᠯᠡᠭᠳᠡᠭᠰᠡᠨ ᠪᠤᠯᠪᠠᠴᠤ ᠮᠥᠨ ᠯᠡ ᠡᠪ ᠬᠠᠮᠲᠤ ᠶᠣᠰᠣ᠂ ᠨᠡᠶᠢᠭᠡᠮ ᠵᠢᠷᠤᠮ ᠢ ᠭᠤᠶᠢᠪᠢᠰᠢ ᠦᠭᠡᠢ  ᠪᠠᠷᠢᠮᠲᠠᠯᠠᠪᠠ᠃      ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠳ᠋ᠧᠩ ᠰᠢᠶᠣᠣ ᠫᠢᠩ ᠨᠥᠬᠦᠷ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ ᠨᠠᠮ ᠪᠠ ᠠᠷᠠᠳ ᠲᠦᠮᠡᠨ ᠢ ᠳᠠᠭᠠᠭᠤᠯᠤᠨ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠠᠮᠵᠢᠯᠲᠠ ᠲᠠᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠦᠨ ᠪᠠᠶᠢᠭᠤᠯᠪᠠ᠃      - ᠳ᠋ᠧᠩ ᠰᠢᠶᠣᠣ ᠫᠢᠩ ᠨᠥᠬᠦᠷ ᠠᠭᠤᠤ ᠶᠡᠭᠡ ᠲᠡᠦᠬᠡᠨ ᠡᠷᠭᠢᠯᠲᠡ ᠶᠢ ᠤᠳᠤᠷᠢᠳᠪᠠ᠃ ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭᠠᠬᠠᠨ ᠳ᠋ᠧᠩ ᠰᠢᠶᠣᠣ ᠫᠢᠩ ᠨᠥᠬᠦᠷ ᠤᠨ ᠤᠤᠯ ᠤᠨ ᠡᠭᠦᠷᠭᠡᠯᠡᠵᠦ ᠪᠠᠶᠢᠭᠰᠠᠨ ᠲᠤᠰᠢᠶᠠᠯ ᠢ ᠰᠡᠷᠭᠦᠭᠡᠵᠡᠢ᠃ ᠨᠠᠮ ᠪᠠ ᠤᠯᠤᠰ ᠬᠠᠮᠢᠭᠠᠰᠢ ᠪᠠᠨ ᠶᠠᠪᠤᠬᠤ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ᠂ ᠲᠡᠷᠡ ᠦᠨᠡᠨ ᠠᠴᠠ ᠵᠥᠪ ᠢ ᠡᠷᠢᠬᠦ᠂ ᠤᠯᠠᠨ ᠲᠦᠮᠡᠨᠴᠢ ᠱᠤᠭᠤᠮ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠤ ᠽᠧ ᠳ᠋ᠦᠩ ᠤᠨ ᠦᠵᠡᠯ ᠰᠠᠨᠠᠭᠠᠨ ᠤ ᠭᠤᠣᠯ ᠴᠢᠮᠦᠭᠡ ᠮᠥᠨ ᠭᠡᠵᠦ ᠴᠢᠬᠤᠯᠠᠴᠢᠯᠠᠵᠤ᠂︽ᠬᠤᠶᠠᠷ ᠪᠦᠭᠦᠨ︾ᠭᠡᠬᠦ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ᠂ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠢ ᠶᠠᠷᠢᠯᠴᠠᠭ᠎ᠠ ᠶᠢ ᠤᠳᠤᠷᠢᠳᠤᠨ ᠳᠡᠮᠵᠢᠵᠦ᠂ ᠡᠯ᠎ᠡ ᠲᠠᠯ᠎ᠠ ᠶᠢᠨ ᠰᠠᠮᠠᠭᠤᠨ ᠪᠠᠶᠢᠳᠠᠯ ᠢ ᠵᠠᠰᠠᠨ ᠴᠡᠭᠴᠡᠯᠡᠵᠦ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠤᠷᠢᠶᠠᠯᠠᠪᠠ᠃ ᠲᠡᠭᠦᠨ ᠤ ᠵᠢᠯᠣᠭᠤᠳᠤᠯᠭ᠎ᠠ ᠳᠣᠣᠷ᠎ᠠ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠦᠵᠡᠯ ᠰᠠᠨᠠᠭ᠎ᠠ ᠪᠠᠨ ᠴᠢᠯᠦᠭᠡᠯᠡᠵᠦ᠂ ᠦᠨᠡᠨ ᠠᠴᠠ ᠵᠥᠪ ᠢ ᠡᠷᠢᠬᠦ ᠦᠵᠡᠯ ᠰᠠᠨᠠᠭᠠᠨ ᠤ ᠱᠤᠭᠤᠮ ᠢ ᠳᠠᠬᠢᠨᠲᠠ ᠲᠣᠭᠲᠠᠭᠠᠵᠤ᠂ ︽ᠠᠩᠭᠢ ᠶᠢᠨ ᠲᠡᠮᠡᠴᠡᠯ ᠢᠶᠠᠷ ᠬᠥᠲᠥᠯᠪᠦᠷᠢ ᠪᠤᠯᠭᠠᠬᠤ︾  ᠪᠤᠷᠤᠭᠤ ᠳᠤᠷᠠᠳᠤᠯᠭ᠎ᠠ ᠶᠢ ᠬᠡᠷᠡᠭᠯᠡᠬᠦ ᠶᠢ ᠵᠣᠭᠰᠣᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠭᠤᠣᠯᠳᠠᠯᠭ᠎ᠠ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠬᠦ ᠲᠡᠦᠬᠡᠲᠦ ᠴᠢᠨᠠᠷᠲᠠᠢ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠨᠠᠮ ᠤᠨ ᠲᠡᠦᠬᠡᠨ ᠳᠡᠭᠡᠷᠡᠬᠢ ᠠᠯᠤᠰ ᠭᠡᠳᠤ ᠶᠢᠨ ᠠᠴᠢ ᠬᠤᠯᠪᠣᠭᠳᠠᠯ ᠲᠠᠢ ᠠᠭᠤᠤ ᠶᠡᠭᠡ ᠡᠷᠭᠢᠯᠲᠡ ᠶᠢ ᠪᠡᠶᠡᠯᠡᠭᠦᠯᠪᠡ᠃      - ᠳ᠋ᠧᠩ ᠰᠢᠶᠣᠣ ᠫᠢᠩ ᠨᠥᠬᠦᠷ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠪᠠ᠃ ᠲᠡᠷᠡ ᠪᠦᠭᠦ ᠨᠠᠮ ᠢ ᠤᠳᠤᠷᠢᠳᠤᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠵᠤ᠂ ᠮᠠᠰᠢ ᠤᠯᠠᠨ ᠪᠦᠲᠦᠭᠡᠯᠴᠢ ᠠᠴᠢ ᠬᠤᠯᠪᠣᠭᠳᠠᠯ ᠪᠦᠬᠦᠢ ᠴᠢᠬᠤᠯᠠ ᠶᠡᠭᠡ ᠦᠵᠡᠯ ᠰᠠᠨᠠᠭ᠎ᠠ ᠶᠢ ᠳᠤᠷᠠᠳᠪᠠ᠃ ᠲᠡᠭᠦᠨ ᠤ ᠡᠷᠭᠢᠯᠡᠭᠡ ᠪᠠᠷ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡᠨ ᠠᠰᠠᠭᠤᠳᠠᠯ ᠤᠳ ᠤᠨ ᠲᠤᠬᠠᠢ ᠰᠢᠢᠳᠪᠦᠷᠢ︾ ᠶᠢ ᠪᠠᠲᠤᠯᠠᠵᠤ᠂ ᠮᠠᠤ ᠽᠧ ᠳ᠋ᠦᠩ ᠨᠥᠬᠦᠷ ᠤᠨ ᠲᠡᠦᠬᠡᠨ ᠪᠠᠶᠢᠷᠢ ᠰᠠᠭᠤᠷᠢ ᠪᠣᠯᠣᠨ ᠮᠠᠤ ᠽᠧ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠵᠥᠪ ᠢᠶᠠᠷ ᠦᠨᠡᠯᠡᠵᠦ᠂ ︽ᠰᠣᠶᠣᠯ ᠤᠨ ᠶᠡᠭᠡ ᠬᠤᠪᠢᠰᠬᠠᠯ︾ ᠤᠨ ᠪᠤᠷᠤᠭᠤ ᠦᠢᠯᠡᠳᠦᠯᠭᠡ ᠪᠣᠯᠣᠨ ᠤᠨᠤᠯ ᠢ ᠲᠤᠶᠢᠯᠪᠤᠷᠢᠲᠠᠢ ᠦᠭᠡᠶᠢᠰᠬᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠬᠥᠭᠵᠢᠭᠦᠯᠵᠦ᠂ ᠨᠠᠮ ᠪᠣᠯᠣᠨ ᠤᠯᠤᠰ ᠤᠨ ᠬᠥᠭᠵᠢᠯᠲᠡ ᠳᠤ ᠵᠥᠪ ᠴᠢᠭᠯᠡᠯ ᠢ ᠲᠣᠭᠲᠠᠭᠠᠵᠠᠢ᠃ ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ ᠳᠡᠭᠡᠷ᠎ᠡ᠂ ᠲᠡᠷᠡ︽ᠥᠪᠡᠷ ᠤᠨ ᠵᠠᠮ ᠢᠶᠠᠷ ᠢᠶᠠᠨ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠤᠨ᠎ᠠ︾ ᠭᠡᠵᠦ ᠢᠯᠡ ᠲᠣᠳᠣᠷᠬᠠᠢ ᠳᠤᠷᠠᠳᠪᠠ᠃ ᠳ᠋ᠧᠩ ᠰᠢᠶᠣᠣ ᠫᠢᠩ ᠨᠥᠬᠦᠷ ᠤᠨ ᠦᠵᠡᠯ ᠰᠠᠨᠠᠭ᠎ᠠ ᠶᠢ ᠦᠨᠳᠦᠰᠦᠯᠡᠨ᠂ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠤᠨᠤᠯ ᠢ ᠰᠢᠰᠲ᠋ᠧᠮ ᠲᠠᠢ ᠥᠭᠦᠯᠡᠵᠦ᠂ ᠨᠠᠮ ᠤᠨ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠦᠨᠳᠦᠰᠦᠨ ᠱᠤᠭᠤᠮ ᠢ ᠪᠦᠷᠢᠨ ᠭᠦᠢᠴᠡᠳ ᠬᠤᠷᠢᠶᠠᠩᠭᠤᠶᠢᠯᠠᠪᠠ; ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠠᠴᠠ ᠳ᠋ᠧᠩ ᠰᠢᠶᠣᠣ ᠫᠢᠩ ᠨᠥᠬᠦᠷ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠤᠨᠤᠯ ᠢ ᠳᠤᠷᠠᠳᠪᠠ; ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ ᠠᠴᠠ ᠳ᠋ᠧᠩ ᠰᠢᠶᠣᠣ ᠫᠢᠩ ᠤᠨ ᠤᠨᠤᠯ ᠢ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠪᠠᠷ ᠲᠣᠭᠲᠠᠭᠠᠪᠠ᠃ ᠳ᠋ᠧᠩ ᠰᠢᠶᠣᠣ ᠫᠢᠩ ᠤᠨ ᠤᠨᠤᠯ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠡᠨᠡ ᠬᠦ ᠦᠨᠳᠦᠰᠦᠨ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠢ ᠢᠯᠡᠷᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠠᠵᠢᠯᠯᠠᠭᠠᠨ ᠤ ᠵᠦᠭᠯᠡᠭᠦᠷ ᠬᠠᠩᠭᠠᠪᠠ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠰᠠᠭᠤᠷᠢ ᠪᠦᠲᠦᠭᠡᠯ ᠮᠥᠨ᠃      - ᠳ᠋ᠧᠩ ᠰᠢᠶᠣᠣ ᠫᠢᠩ ᠨᠥᠬᠦᠷ ᠨᠠᠮ ᠪᠠ ᠠᠷᠠᠳ ᠲᠦᠮᠡᠨ ᠢ ᠳᠠᠭᠠᠭᠤᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠨᠡᠭᠡᠭᠡᠪᠡ᠃ ᠲᠡᠷᠡ ︽ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ︾ ᠲᠥᠰᠥᠪᠯᠡᠯ ᠢ ᠲᠣᠳᠣᠷᠬᠠᠢ ᠳᠤᠷᠠᠳᠤᠨ᠂ ᠮᠠᠨ ᠤ ᠨᠠᠮ ᠢ ᠵᠢᠯᠣᠭᠤᠳᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ︽ᠭᠤᠷᠪᠠᠨ ᠠᠯᠬᠤᠮ ᠬᠤᠪᠢᠶᠠᠵᠤ ᠶᠠᠪᠤᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠪᠠ᠃ ᠲᠡᠷᠡ ᠮᠠᠨ ᠤ ᠨᠠᠮ ᠢ ᠤᠳᠤᠷᠢᠳᠤᠨ ᠡᠯ᠎ᠡ ᠲᠠᠯ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠴᠠᠭ ᠲᠤᠬᠠᠢ ᠳᠤᠨᠢ ᠡᠷᠡᠰ ᠰᠢᠭᠤᠷᠬᠠᠢ ᠥᠷᠨᠢᠭᠦᠯᠵᠦ᠂ ᠭᠠᠳᠠᠭᠰᠢ ᠨᠡᠭᠡᠭᠡᠯᠲᠡ ᠬᠢᠬᠦ ᠡᠭᠦᠳᠡ ᠶᠢ ᠵᠣᠷᠢᠭᠲᠠᠢ ᠨᠡᠭᠡᠭᠡᠪᠡ᠃ ᠲᠡᠷᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠵᠦ ᠳᠤᠷᠠᠳᠤᠨ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ ᠶᠢ ᠰᠠᠨᠠᠭᠠᠴᠢᠯᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠲᠡᠷᠡ ᠠᠷᠠᠳᠴᠢᠯᠠᠯ ᠪᠣᠯᠣᠨ ᠬᠠᠤᠯᠢ ᠳᠦᠷᠢᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠨᠠᠮ ᠪᠣᠯᠣᠨ ᠲᠦᠷᠦ ᠶᠢᠨ ᠤᠳᠤᠷᠢᠳᠬᠤ ᠳᠦᠷᠢᠮ ᠤᠨ ᠥᠭᠡᠷᠡᠴᠢᠯᠡᠯᠲᠡ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠪᠠ᠃ ᠲᠡᠷᠡ ᠠᠷᠠᠳ ᠤᠨ ᠴᠡᠷᠢᠭ ᠠᠩᠭᠢ ᠶᠢ ᠬᠦᠴᠦᠷᠬᠡᠭ ᠶᠡᠭᠡ ᠣᠳᠣᠬᠢᠴᠢᠯᠠᠭᠰᠠᠨ ᠵᠢᠩᠬᠢᠨᠢᠴᠢᠯᠡᠭᠰᠡᠨ ᠬᠤᠪᠢᠰᠬᠠᠯᠲᠤ ᠴᠡᠷᠢᠭ ᠠᠩᠭᠢ ᠪᠣᠯᠭᠠᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢ ᠰᠢᠯᠢᠳᠡᠭᠵᠢᠭᠦᠯᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠡᠩᠬᠡ ᠲᠠᠶᠢᠪᠤᠩ ᠪᠣᠯᠣᠨ ᠬᠥᠭᠵᠢᠯᠲᠡ ᠪᠣᠯ ᠤᠳᠤ ᠦᠶ᠎ᠡ ᠶᠢᠨ ᠳᠡᠯᠡᠬᠡᠢ ᠶᠢᠨ ᠬᠤᠶᠠᠷ ᠶᠡᠭᠡ ᠠᠰᠠᠭᠤᠳᠠᠯ ᠮᠥᠨ ᠭᠡᠵᠦ ᠲᠣᠳᠣᠷᠬᠠᠢ ᠳᠤᠷᠠᠳᠤᠨ᠂ ᠮᠠᠨ ᠤ ᠨᠠᠮ ᠢ ᠤᠳᠤᠷᠢᠳᠤᠨ ᠡᠯ᠎ᠡ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠲᠦᠷᠤ ᠶᠢᠨ ᠪᠣᠳᠣᠯᠭ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠢ ᠪᠤᠯᠭᠠᠬᠰᠠᠨ ᠪᠠᠶᠢᠨ᠎ᠠ᠃ ᠲᠡᠭᠦᠨ ᠤ ᠳᠠᠭᠠᠭᠤᠯᠭ᠎ᠠ ᠪᠠ ᠠᠬᠢᠭᠤᠯᠤᠯ ᠳᠣᠣᠷ᠎ᠠ᠂ ᠮᠠᠨ ᠤ ᠤᠯᠤᠰ ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠤᠷᠤᠩᠭᠤᠢ ᠪᠠᠶᠢᠭᠰᠠᠨ ᠠᠴᠠ ᠪᠠᠨ ᠠᠵᠤ ᠠᠬᠤᠢ ᠶᠢᠨ ᠲᠦᠷᠭᠡᠨ ᠬᠥᠭᠵᠢᠯᠲᠡ ᠲᠡᠶᠢᠰᠢ ᠲᠠᠪᠰᠢᠬᠰᠠᠨ᠂ ᠠᠷᠠᠳ ᠤᠨ ᠠᠮᠢᠳᠤᠷᠠᠯ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠪᠠᠨ ᠶᠡᠷᠦᠩᠬᠡᠢ ᠳᠡᠭᠡᠨ ᠴᠢᠨᠡᠭᠡᠯᠢᠭ ᠲᠡᠶᠢᠰᠢ ᠳᠠᠪᠰᠢᠬᠰᠠᠨ ᠰᠢᠨ᠎ᠡ ᠪᠠᠶᠢᠳᠠᠯ ᠢ ᠡᠬᠢᠯᠡᠭᠦᠯᠪᠡ᠃      - ᠳ᠋ᠧᠩ ᠰᠢᠶᠣᠣ ᠫᠢᠩ ᠨᠥᠬᠦᠷ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠵᠥᠪ ᠵᠠᠮ ᠢ ᠲᠣᠭᠲᠠᠭᠠᠪᠠ᠃ ᠲᠡᠷᠡ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ᠂ ᠪᠦᠬᠦᠯᠢ ᠴᠣᠭᠴᠠ ᠶᠢᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠶᠢ ᠪᠣᠳᠣᠯᠬᠢᠯᠠᠨ᠂ ᠲᠡᠦᠬᠡ ᠪᠠ ᠣᠳᠣᠬᠢ ᠪᠠᠶᠢᠳᠠᠯ ᠢ ᠭᠦᠢᠴᠡᠳ ᠪᠣᠳᠣᠯᠬᠢᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠠᠭᠤᠤ ᠶᠡᠭᠡ ᠲᠥᠰᠥᠪᠯᠡᠯ ᠢ ᠪᠦᠲᠦᠭᠡᠯᠴᠢ ᠴᠢᠨᠠᠷᠲᠠᠢ ᠪᠠᠷ ᠳᠤᠷᠠᠳᠤᠨ᠂ ᠨᠠᠶᠢᠷᠠᠮᠳᠠᠯ ᠤᠨ ᠭᠡᠯᠪᠡᠷᠢ ᠪᠠᠷ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠡᠨᠡ ᠬᠦ ᠠᠭᠤᠤ ᠶᠡᠭᠡ ᠲᠥᠰᠥᠪᠯᠡᠯ ᠤᠨ ᠵᠢᠯᠣᠭᠤᠳᠤᠯᠭ᠎ᠠ ᠳᠣᠣᠷ᠎ᠠ᠂ ᠮᠠᠨ ᠤ ᠤᠯᠤᠰ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠳᠤ ᠵᠠᠯᠭᠠᠭ᠎ᠠ ᠪᠠᠷ ᠡᠷᠬᠡ ᠮᠡᠳᠡᠯ ᠢᠶᠠᠨ ᠰᠡᠷᠭᠦᠭᠡᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠵᠠᠭᠤᠨ ᠵᠢᠯ ᠤᠨ ᠢᠴᠢᠭᠦᠷᠢ ᠶᠢ ᠠᠷᠢᠯᠭᠠᠪᠠ᠃ ᠳᠤᠮᠳᠠᠳᠤ ᠤᠯᠤᠰ ᠢ ᠬᠠᠭᠠᠴᠠᠭᠤᠯᠬᠤ ᠭᠤᠷᠢᠳᠠᠯᠭ᠎ᠠ ᠳᠤ ᠴᠢᠭᠯᠡᠭᠦᠯᠦᠨ᠂ ᠲᠡᠷᠡ ᠨᠠᠶᠢᠷᠠᠮᠳᠠᠯ ᠤᠨ ᠪᠤᠰᠤ ᠠᠷᠭ᠎ᠠ ᠭᠡᠯᠪᠡᠷᠢ ᠪᠠᠷ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠢ ᠲᠠᠶᠠᠭᠳᠠᠵᠤ ᠪᠤᠯᠬᠤ ᠦᠭᠡᠢ ᠭᠡᠵᠦ ᠴᠢᠬᠤᠯᠠᠴᠢᠯᠠᠨ᠂ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠵᠥᠪ ᠴᠢᠭᠯᠡᠯᠲᠡ ᠶᠢ ᠳᠤᠷᠠᠳᠪᠠ᠃ ᠪᠢᠳᠡ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠢ ᠡᠷᠡᠰ ᠡᠰᠡᠷᠭᠦᠴᠡᠨ ᠬᠤᠷᠢᠭᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭᠠᠨ ᠤ ᠬᠥᠭᠵᠢᠯᠲᠡ ᠶᠢᠨ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃      - ᠳ᠋ᠧᠩ ᠰᠢᠶᠣᠣ ᠫᠢᠩ ᠨᠥᠬᠦᠷ ᠭᠡᠷᠡᠯ ᠰᠠᠴᠤᠷᠠᠩᠭᠤᠢ ᠨᠡᠶᠢᠭᠡᠮ ᠵᠢᠷᠤᠮ ᠤᠨ ᠲᠤᠭ ᠢ ᠡᠷᠡᠰ ᠬᠠᠮᠠᠭᠠᠯᠠᠪᠠ᠃ ᠥᠭᠡᠷᠡᠴᠢᠯᠡᠯᠲᠡ ᠨᠡᠭᠡᠭᠡᠯᠲᠡ ᠶᠢᠨ ᠠᠬᠢᠴᠠ ᠳᠤᠮᠳᠠ᠂ ᠲᠡᠷᠡ ᠬᠥᠷᠥᠩᠭᠡᠲᠡᠨ ᠠᠩᠭᠢ ᠶᠢᠨ ᠴᠢᠯᠦᠭᠡᠵᠢᠯ ᠢ ᠲᠤᠭ ᠲᠡᠮᠳᠡᠭ ᠲᠣᠳᠣᠷᠬᠠᠢ ᠪᠠᠷ  ᠢᠮᠠᠭᠲᠠ ᠡᠰᠡᠷᠭᠦᠴᠡᠵᠦ ᠪᠠᠶᠢᠪᠠ᠃ ᠵᠥᠪᠯᠡᠯᠲᠦ ᠬᠤᠯᠪᠣᠭᠠᠲᠤ ᠤᠯᠤᠰ ᠵᠠᠳᠠᠷᠠᠵᠤ᠂ ᠵᠡᠭᠦᠨ ᠡᠸᠦ᠋ᠷᠦᠫᠡ ᠶᠢᠨ ᠰᠢᠷᠦᠭᠦᠨ ᠬᠤᠪᠢᠰᠤᠯᠲᠠ ᠶᠢᠨ ᠠᠬᠤᠢ ᠪᠠᠶᠢᠳᠠᠯ ᠳᠣᠣᠷ᠎ᠠ᠂ 1989 ᠣᠨ ᠤ ᠬᠠᠪᠤᠷ ᠵᠤᠨ ᠤ ᠠᠭᠤᠯᠵᠠᠷ ᠲᠤ ᠮᠠᠨ ᠤ ᠤᠯᠤᠰ ᠲᠤ ᠬᠦᠨᠳᠦ ᠨᠣᠴᠢᠲᠠᠢ ᠤᠯᠤᠰ ᠲᠦᠷᠦ ᠶᠢᠨ ᠦᠢᠮᠡᠭᠡᠨ ᠭᠠᠷᠪᠠ᠃ ᠠᠶᠤᠯ ᠲᠦᠭᠰᠢᠭᠦᠷᠢᠲᠦ ᠴᠠᠭ ᠮᠥᠴᠡ ᠳᠤ᠂ ᠳ᠋ᠧᠩ ᠰᠢᠶᠣᠣ ᠫᠢᠩ ᠨᠥᠬᠦᠷ ᠨᠠᠮ ᠪᠠ ᠠᠷᠠᠳ ᠲᠦᠮᠡᠨ ᠢ ᠤᠳᠤᠷᠢᠳᠤᠨ ᠲᠤᠭ ᠲᠡᠮᠳᠡᠭ ᠲᠣᠳᠣᠷᠬᠠᠢ ᠪᠠᠷ ᠰᠠᠮᠠᠭᠤᠷᠠᠯ ᠢ ᠡᠰᠡᠷᠭᠦᠴᠡᠵᠦ᠂ ᠨᠡᠶᠢᠭᠡᠮ ᠵᠢᠷᠤᠮᠲᠤ ᠤᠯᠤᠰ ᠤᠨ ᠲᠦᠷᠦ ᠶᠢᠨ ᠡᠷᠬᠡ ᠶᠢ ᠡᠷᠡᠰ ᠬᠠᠮᠠᠭᠠᠯᠠᠨ᠂ ᠨᠠᠮ ᠪᠠ ᠤᠯᠤᠰ ᠢ ᠳᠠᠭᠠᠭᠤᠯᠤᠨ ᠠᠶᠤᠯ ᠲᠦᠭᠰᠢᠭᠦᠷᠢ ᠲᠤᠬᠰᠢᠨ ᠳᠠᠪᠠᠯᠭᠠᠨ ᠤ ᠬᠠᠲᠠᠭᠤ ᠴᠢᠩᠭ᠎ᠠ ᠰᠢᠯᠭᠠᠯᠲᠠ ᠶᠢ ᠳᠠᠭᠠᠭᠠᠵᠤ ᠭᠠᠷᠤᠭᠰᠠᠨ ᠶᠤᠮ᠃ ᠳᠠᠷᠠᠭ᠎ᠠ ᠨᠢ ᠲᠡᠷᠡ ᠥᠭᠡᠷᠡᠴᠢᠯᠡᠯᠲᠡ ᠨᠡᠭᠡᠭᠡᠯᠲᠡ ᠶᠢᠨ ᠠᠬᠢᠴᠠ ᠳᠤᠮᠳᠠᠬᠢ ᠲᠤᠷᠰᠢᠯᠭ᠎ᠠ ᠰᠤᠷᠭᠠᠮᠵᠢ ᠶᠢ ᠭᠦᠨᠵᠡᠭᠡᠢ ᠳ᠋ᠦᠩᠨᠡᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠠᠮ ᠤᠨ ᠪᠠᠶᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠨ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠣᠨ ᠰᠢᠯᠢᠳᠡᠭ ᠤᠯᠠᠮᠵᠢᠯᠠᠯ ᠤᠨ ᠬᠥᠮᠦᠵᠢᠯ ᠢ ᠴᠢᠩᠭᠠᠳᠬᠠᠵᠤ᠂ ᠨᠠᠮ ᠤᠨ ᠤᠳᠤᠷᠢᠳᠬᠤ ᠲᠦᠪᠰᠢᠨ ᠪᠣᠯᠣᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠪᠢᠰᠬᠠᠯᠲᠤ ᠲᠦᠷᠦ ᠶᠢᠨ ᠲᠣᠭᠲᠠᠭᠤᠨ ᠢ ᠪᠠᠲᠤᠯᠠᠵᠠᠢ᠃ ᠲᠡᠷᠡ︽ᠳᠤᠮᠳᠠᠳᠤ ᠤᠯᠤᠰ ᠤᠨ ᠨᠡᠶᠢᠭᠡᠮ ᠵᠢᠷᠤᠮ ᠪᠣᠯ ᠬᠤᠪᠢᠷᠠᠰᠢ ᠦᠭᠡᠢ ᠶᠤᠮ᠃ ᠳᠤᠮᠳᠠᠳᠤ ᠤᠯᠤᠰ ᠯᠠᠪᠲᠠᠢ ᠥᠪᠡᠷ ᠤᠨ ᠰᠣᠩᠭᠤᠭᠰᠠᠨ ᠨᠡᠶᠢᠭᠡᠮ ᠵᠢᠷᠤᠮ ᠤᠨ ᠵᠠᠮ ᠢᠶᠠᠷ ᠢᠶᠠᠨ ᠡᠴᠦᠰ ᠲᠤᠨᠢ ᠲᠤᠯᠲᠠᠯ᠎ᠠ ᠶᠠᠪᠤᠨ᠎ᠠ᠃ ᠬᠡᠨ ᠴᠦ ᠪᠢᠳᠡᠨ ᠢ ᠳᠠᠷᠤᠵᠤ ᠤᠨᠠᠭᠠᠵᠤ ᠳᠡᠶᠢᠯᠭᠦ ᠦᠭᠡᠢ︾ ᠭᠡᠵᠦ ᠬᠥᠮᠥᠰ ᠲᠤ ᠬᠦᠴᠦᠲᠡᠢ ᠰᠡᠷᠡᠮᠵᠢᠯᠡᠭᠦᠯᠦᠭᠰᠡᠨ ᠪᠠᠶᠢᠨ᠎ᠠ᠃      ᠨᠥᠬᠦᠳ ᠠ᠋᠂ ᠨᠠᠶᠢᠵᠠ ᠨᠠᠷ ᠠ᠋︕      ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ ᠪᠥᠭᠡᠳ ᠡᠭᠦᠳᠦᠯᠲᠡ ᠶᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ ᠨᠥᠯᠥᠭᠡ ᠨᠢ ᠭᠦᠨ ᠭᠦᠨᠵᠡᠭᠡᠢ ᠪᠥᠭᠡᠳ ᠠᠯᠤᠰ ᠭᠡᠳᠦ ᠶᠢᠨ ᠶᠤᠮ᠃ ᠲᠡᠭᠦᠨ ᠤ ᠨᠢᠭᠡ ᠨᠠᠰᠤᠨ ᠤ ᠲᠡᠮᠡᠴᠡᠯ ᠤᠨ ᠥᠩᠭᠡᠷᠡᠯᠲᠡ ᠨᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ ᠢ ᠬᠢᠵᠠᠭᠠᠯᠠᠰᠢ ᠦᠭᠡᠢ ᠬᠠᠶᠢᠷᠠᠯᠠᠬᠤ ᠠᠭᠤᠤ ᠶᠡᠭᠡ ᠬᠠᠶᠢᠷ᠎ᠠ ᠰᠡᠳᠬᠢᠯᠭᠡ᠂ ᠦᠨᠡᠨ ᠠᠴᠠ ᠵᠥᠪ ᠢ ᠡᠷᠢᠬᠦ ᠤᠨᠤᠯ ᠤᠨ ᠵᠠᠩ ᠴᠢᠨᠠᠷ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ ᠲᠦᠷᠦ ᠶᠢᠨ ᠰᠥᠰᠥ ᠵᠣᠷᠢᠭ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠶᠢ ᠭᠦᠢᠴᠡᠳ ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠪᠢᠳᠡ ᠡᠭᠦᠷᠢᠳᠡ ᠴᠡᠭᠡᠵᠢᠯᠡᠨ᠎ᠡ; ᠲᠡᠭᠦᠨ ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ ᠬᠦᠨᠳᠦᠳᠬᠡᠨ ᠪᠢᠰᠢᠷᠡᠨ᠎ᠡ︕      ᠨᠥᠬᠦᠳ ᠠ᠋᠂ ᠨᠠᠶᠢᠵᠠ ᠨᠠᠷ ᠠ᠋︕      ᠳ᠋ᠧᠩ ᠰᠢᠶᠣᠣ ᠫᠢᠩ ᠨᠥᠬᠦᠷ ᠤᠨ ᠪᠢᠳᠡᠨ ᠳᠤ ᠦᠯᠡᠳᠡᠭᠡᠵᠦ ᠥᠭᠭᠦᠭᠰᠡᠨ ᠬᠠᠮᠤᠭ ᠤᠨ ᠴᠢᠬᠤᠯᠠ ᠦᠵᠡᠯ ᠰᠠᠨᠠᠭᠠᠨ ᠤ ᠡᠳ᠋ ᠪᠠᠶᠠᠯᠢᠭ ᠪᠣᠯ  ᠲᠡᠭᠦᠨ ᠤ ᠭᠤᠣᠯᠯᠠᠨ ᠡᠭᠦᠳᠦᠨ ᠪᠠᠶᠢᠭᠤᠯᠤᠭᠰᠠᠨ ᠳ᠋ᠧᠩ ᠰᠢᠶᠣᠣ ᠫᠢᠩ ᠤᠨ ᠤᠨᠤᠯ ᠪᠣᠯᠣᠨ᠎ᠠ᠃ ᠳ᠋ᠧᠩ ᠰᠢᠶᠣᠣ ᠫᠢᠩ ᠤᠨ ᠤᠨᠤᠯ ᠪᠣᠯ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠤ ᠴᠢᠬᠤᠯᠠ ᠪᠡᠯᠭᠡ ᠲᠡᠮᠳᠡᠭ ᠮᠥᠨ᠃ ᠳ᠋ᠧᠩ ᠰᠢᠶᠣᠣ ᠫᠢᠩ ᠤᠨ ᠤᠨᠤᠯ ᠢ ᠨᠠᠮ ᠪᠠ ᠤᠯᠤᠰ ᠤᠨ ᠵᠢᠯᠤᠭᠤᠳᠬᠤ ᠦᠵᠡᠯ ᠰᠠᠨᠠᠭ᠎ᠠ ᠪᠣᠯᠭᠠᠨ ᠲᠣᠭᠲᠠᠭᠠᠭᠰᠠᠨ ᠶᠠᠪᠤᠳᠠᠯ ᠪᠣᠯ ᠨᠠᠮ ᠪᠠ ᠠᠷᠠᠳ ᠲᠦᠮᠡᠨ ᠤ ᠲᠡᠦᠬᠡ ᠪᠠ ᠪᠣᠳᠠᠲᠤ ᠪᠠᠶᠢᠳᠠᠯ ᠠᠴᠠ ᠣᠯᠣᠭᠰᠠᠨ ᠡᠷᠡᠭᠡᠯᠵᠡᠰᠢ ᠦᠭᠡᠢ ᠳ᠋ᠦᠩᠨᠡᠯᠲᠡ ᠮᠥᠨ᠃      ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠣᠶᠢᠯᠠᠭᠠᠬᠤ ᠬᠡᠷᠡᠭᠲᠡᠢ᠃ ᠵᠢᠱᠢᠶᠡᠯᠡᠪᠡᠯ᠂ ᠳ᠋ᠧᠩ ᠰᠢᠶᠣᠣ ᠫᠢᠩ ᠨᠥᠬᠦᠷ ᠨᠠᠮ ᠤᠨ ᠦᠨᠳᠦᠰᠦᠨ ᠱᠤᠭᠤᠮ ᠢ ᠵᠠᠭᠤᠨ ᠵᠢᠯ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠬᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠬᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠬᠤ ᠶᠢ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠶᠠᠪᠤᠴᠠ ᠳᠤ ᠨᠢᠭᠡᠳᠬᠡᠬᠦ ᠭᠡᠷᠡᠭᠲᠡᠢ; ᠦᠵᠡᠯ ᠰᠠᠨᠠᠭ᠎ᠠ ᠪᠠᠨ ᠴᠢᠯᠦᠭᠡᠯᠡᠬᠦ ᠪᠣᠯ ᠦᠨᠡᠨ ᠠᠴᠠ ᠵᠥᠪ ᠢ ᠡᠷᠢᠵᠦ᠂ ᠦᠵᠡᠯ ᠰᠠᠨᠠᠭ᠎ᠠ ᠪᠠᠨ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠪᠡᠶᠡᠴᠢ ᠪᠤᠰᠤᠳᠴᠢ ᠬᠤᠶᠠᠷ ᠢ ᠨᠡᠶᠢᠴᠡᠭᠦᠯᠬᠦ ᠶᠠᠪᠤᠳᠠᠯ ᠪᠤᠯᠤᠨ᠎ᠠ; ᠨᠠᠮ ᠪᠣᠯᠣᠨ ᠤᠯᠤᠰ ᠤᠨ ᠤᠳᠤᠷᠢᠳᠬᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠡᠭᠡᠨ ᠨᠡᠶᠢᠭᠡᠮ ᠵᠢᠷᠤᠮ ᠤᠨ ᠪᠠᠶᠢᠭᠤᠯᠤᠯ ᠢ ᠬᠤᠪᠢᠷᠠᠭᠤᠯᠵᠤ᠂ ᠨᠠᠮ ᠤᠨ ᠤᠳᠤᠷᠢᠳᠤᠯᠭ᠎ᠠ ᠶᠢ ᠰᠤᠯᠠᠷᠠᠭᠤᠯᠬᠤ ᠪᠢᠰᠢ᠂ ᠬᠠᠷᠢᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠭᠡᠷᠡᠭᠲᠡᠢ; ᠠᠷᠠᠳᠴᠢᠯᠠᠯ ᠲᠥᠪᠯᠡᠷᠡᠯ ᠤᠨ ᠶᠣᠰᠣ ᠪᠣᠯ ᠬᠠᠮᠤᠭ ᠤᠨ ᠳᠥᠭᠦᠮ ᠳᠥᠲᠡ᠂ ᠬᠠᠮᠤᠭ ᠤᠨ ᠵᠦᠢ ᠵᠣᠬᠢᠰᠲᠠᠢ ᠳᠦᠷᠢᠮ ᠮᠥᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠪᠠ ᠠᠷᠠᠳ ᠤᠨ ᠠᠷᠠᠳᠴᠢᠯᠠᠯ ᠢ ᠶᠡᠭᠡ ᠪᠠᠷ ᠪᠠᠳᠠᠷᠠᠭᠤᠯᠬᠤ ᠶᠢᠨ ᠬᠠᠮᠲᠤ ᠵᠥᠪ ᠲᠥᠪᠯᠡᠷᠡᠯ ᠲᠠᠢ ᠪᠠᠶᠢᠯᠭᠠᠵᠤ᠂ ᠪᠦᠭᠦ ᠨᠠᠮ ᠢᠶᠠᠷ ᠢᠶᠠᠨ ᠭᠤᠣᠯᠯᠠᠭᠴᠢ ᠲᠠᠢ ᠪᠠᠶᠢᠵᠤ᠂ ᠨᠠᠮ ᠤᠨ ᠲᠥᠪ ᠬᠤᠷᠢᠶ᠎ᠠ ᠡᠷᠬᠡ ᠰᠦᠷ ᠲᠠᠢ ᠪᠠᠶᠢᠬᠤ ᠭᠡᠷᠡᠭᠲᠡᠢ; ᠲᠥᠯᠥᠪᠯᠡᠭᠡ ᠪᠠ ᠵᠠᠬ᠎ᠠ ᠳᠡᠯᠭᠡᠭᠦᠷ ᠪᠣᠯ ᠴᠥᠮ ᠠᠵᠤ ᠠᠬᠤᠢ ᠶᠢᠨ ᠠᠷᠭ᠎ᠠ  ᠠᠪᠴᠠᠯ ᠮᠥᠨ᠂ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠰᠢᠭᠲᠠᠢ ᠯᠠ ᠶᠤᠮ ᠪᠣᠯ ᠲᠡᠭᠦᠨ ᠢ ᠠᠰᠢᠭᠯᠠᠵᠤ ᠪᠤᠯᠤᠨ᠎ᠠ; ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠬᠤ ᠶᠢᠨ ᠬᠠᠮᠲᠤ  ᠡᠭᠦᠳᠡ ᠪᠠᠨ ᠬᠠᠭᠠᠵᠤ ᠬᠤᠪᠢ ᠪᠠᠨ ᠰᠠᠬᠢᠵᠤ᠂ ᠭᠠᠳᠠᠭᠠᠳᠤ ᠶᠢᠨ ᠬᠢ ᠶᠢ ᠰᠣᠬᠤᠷ ᠪᠠᠯᠠᠢ ᠪᠠᠷ ᠭᠠᠳᠠᠭᠤᠷᠴᠢᠯᠠᠵᠤ ᠪᠤᠯᠬᠤ ᠦᠭᠡᠢ᠂ ᠭᠠᠳᠠᠭᠰᠢ ᠨᠡᠭᠡᠭᠡᠯᠲᠡ ᠬᠢᠬᠦ ᠭᠡᠷᠡᠭᠲᠡᠢ; ᠬᠡᠰᠡᠭ ᠭᠠᠵᠠᠷ ᠣᠷᠣᠨ᠂ ᠬᠡᠰᠡᠭ ᠬᠥᠮᠥᠰ ᠤᠨ ᠤᠷᠢᠳ ᠢᠶᠠᠷ ᠪᠠᠶᠠᠵᠢᠬᠤ ᠶᠢ ᠵᠣᠷᠢᠭᠵᠢᠭᠤᠯᠵᠤ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠶᠢ ᠪᠠᠨ ᠲᠡᠶᠢᠴᠢᠯᠡᠠ ᠳᠠᠭᠠᠭᠤᠯᠵᠤ᠂ ᠡᠴᠦᠰ ᠲᠡᠭᠡᠨ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠂ ᠬᠤᠶᠠᠷ ᠲᠤᠶᠢᠯ ᠲᠡᠶᠢᠰᠢ ᠢᠯᠭᠠᠷᠠᠵᠤ ᠪᠤᠯᠬᠤ ᠤᠢᠭᠡᠢ; ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠭᠡᠷᠡᠭᠲᠡᠢ; ᠥᠭᠡᠷᠡᠴᠢᠯᠡᠯᠲᠡ ᠬᠢᠬᠦ ᠳᠤ ᠵᠣᠷᠢᠭᠲᠠᠢ ᠪᠥᠭᠡᠳ ᠯᠠᠪᠳᠠᠭᠤᠨ ᠪᠠᠶᠢᠬᠤ ᠬᠡᠷᠡᠭᠲᠡᠢ᠂ ᠥᠭᠡᠷᠡᠴᠢᠯᠡᠯᠲᠡ ᠬᠢᠬᠦ᠂ ᠬᠥᠭᠵᠢᠭᠦᠯᠬᠦ᠂ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠲᠣᠭᠲᠠᠭᠤᠨ ᠪᠠᠶᠢᠯᠭᠠᠬᠤ ᠨᠢ ᠶᠠᠭᠤᠨ ᠠᠴᠠ ᠴᠤ ᠴᠢᠬᠤᠯᠠ ᠶᠤᠮ; ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠨᠢᠭᠡ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠶᠢ ᠠᠳᠬᠤᠵᠤ᠂ ᠨᠢᠭᠡ ᠲᠠᠯ᠎ᠠ ᠪᠠᠷ ᠢᠯᠵᠢᠷᠡᠯ ᠢ ᠵᠠᠯᠬᠠᠭᠠᠨ ᠰᠢᠢᠳᠬᠡᠬᠦ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠴᠢᠬᠤᠯᠠ ᠦᠵᠡᠯ ᠰᠠᠨᠠᠭ᠎ᠠ ᠪᠠ ᠨᠤᠲᠠᠯᠠᠯᠲᠠ ᠨᠢ ᠪᠣᠳᠠᠰᠴᠢ ᠬᠤᠪᠢᠰᠤᠩᠭᠤᠢ ᠠᠷᠭ᠎ᠠ ᠪᠠᠷ ᠪᠢᠯᠬᠠᠮ᠎ᠠ ᠪᠠᠶᠢᠵᠤ᠂ ᠪᠦᠭᠦ ᠲᠠᠯ᠎ᠠ ᠶᠢᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠬᠠᠷᠠᠴᠠ ᠶᠢ ᠢᠯᠡᠷᠡᠭᠦᠯᠵᠦ᠂ ᠬᠡᠷᠡᠭ ᠪᠣᠳᠠᠰ ᠤᠨ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠳ᠋ᠧᠩ ᠰᠢᠶᠣᠣ ᠫᠢᠩ ᠤᠨ ᠤᠨᠤᠯ ᠤᠨ ᠢᠯᠡ ᠲᠣᠳᠣ ᠬᠡᠪ ᠨᠠᠮᠪᠠ ᠪᠠ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠡᠳᠡᠭᠡᠷ ᠴᠢᠬᠤᠯᠠ ᠦᠵᠡᠯ ᠰᠠᠨᠠᠭ᠎ᠠ ᠪᠠ ᠨᠤᠲᠠᠯᠠᠯᠲᠠ ᠶᠢ ᠭᠠᠭᠴᠠ ᠬᠦ ᠲᠡᠦᠬᠡ ᠶᠢᠨ ᠠᠬᠤᠢ ᠪᠠᠶᠢᠳᠠᠯ ᠲᠠᠢ ᠤᠶᠠᠯᠳᠤᠭᠤᠯᠤᠨ᠂ ᠪᠦᠬᠦᠯᠢ ᠴᠣᠭᠴᠠ ᠪᠠᠷ ᠨᠢ ᠡᠵᠡᠮᠳᠡᠬᠦ᠂ ᠬᠤᠪᠢᠰᠤᠩᠭᠤᠢ ᠪᠠᠷ ᠡᠵᠡᠮᠳᠡᠬᠦ ᠶᠢ ᠴᠢᠬᠤᠯᠠᠴᠢᠯᠠᠵᠤ᠂ ᠤᠳᠬ᠎ᠠ ᠶᠢ ᠨᠢ ᠮᠡᠳᠡᠬᠦ ᠮᠥᠷᠲᠡᠭᠡᠨ ᠪᠠᠰᠠ ᠤᠴᠢᠷ ᠢ ᠨᠢ ᠮᠡᠳᠡᠵᠦ᠂  ᠶᠣᠰᠣ ᠶᠢ ᠨᠢ ᠮᠡᠳᠡᠬᠦ ᠮᠥᠷᠲᠡᠭᠡᠨ ᠪᠠᠰᠠ  ᠰᠢᠯᠲᠠᠭᠠᠨ ᠢ ᠨᠢ ᠮᠡᠳᠡᠪᠡᠯ ᠰᠠᠶ᠋ᠢ ᠦᠢᠯᠡᠳᠦᠯᠭᠡ ᠪᠠᠨ ᠵᠥᠪ ᠣᠨᠣᠪᠴᠢᠲᠠᠢ ᠪᠠᠷ  ᠵᠢᠯᠤᠭᠤᠳᠴᠤ ᠴᠢᠳᠠᠨ᠎ᠠ᠃ ᠬᠡᠷᠪᠡ ᠡᠭᠦᠨ ᠢ ᠨᠢ ᠬᠠᠷᠠᠭᠠᠯᠵᠠᠪᠠᠯ ᠲᠡᠭᠦᠨ ᠢ ᠨᠢ ᠠᠯᠳᠠᠵᠤ᠂ ᠬᠦᠨᠳᠦ ᠬᠥᠩᠭᠡᠨ ᠨᠢ ᠲᠡᠩᠴᠡᠭᠦᠷᠢ ᠦᠭᠡᠢ ᠪᠤᠯᠬᠤ ᠳᠤ ᠭᠦᠷᠪᠡᠯ ᠦᠢᠯᠡᠳᠦᠯᠭᠡ ᠶᠢᠨ ᠲᠠᠯ᠎ᠠ ᠪᠠᠷ ᠠᠮᠠᠷᠬᠠᠨ ᠠᠯᠳᠠᠰᠢ ᠭᠠᠷᠭᠠᠵᠤ᠂ ᠴᠢᠨᠠᠭᠰᠢᠯᠠᠪᠠᠯ ᠵᠠᠷᠴᠢᠮ ᠤᠨ ᠴᠢᠨᠠᠷᠲᠠᠢ᠂ ᠴᠢᠭᠯᠡᠯ ᠤᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠲᠡᠦᠬᠡᠨ ᠳᠡᠭᠡᠷ᠎ᠡ ᠮᠠᠨ ᠤ ᠨᠠᠮ ᠡᠶᠢᠮᠦ ᠰᠤᠷᠭᠠᠮᠵᠢ ᠲᠠᠢ ᠪᠠᠶᠢᠭᠰᠠᠨ ᠶᠤᠮ᠂ ᠪᠢᠳᠡ ᠵᠠᠪᠠᠯ ᠭᠦᠨᠵᠡᠭᠡᠢ ᠰᠤᠷᠭᠠᠮᠵᠢ ᠠᠪᠬᠤ ᠬᠡᠷᠡᠭᠲᠡᠢ᠃      ᠮᠠᠷᠺᠰ ᠤᠨ ᠦᠵᠡᠯ ᠤᠨ ᠪᠤᠰᠤᠳ ᠰᠣᠩᠭᠤᠳᠠᠭ ᠵᠣᠬᠢᠶᠠᠯᠴᠢᠳ ᠤᠨ ᠤᠨᠦᠯ ᠲᠠᠢ ᠠᠳᠠᠯᠢ ᠪᠠᠷ᠂ ᠳ᠋ᠧᠩ ᠰᠢᠶᠣᠣ ᠫᠢᠩ ᠤᠨ ᠤᠨᠦᠯ  ᠤᠷᠳᠦ ᠬᠤᠭᠤᠴᠠᠭ᠎ᠠ ᠪᠠᠷ ᠦᠢᠯᠡᠳᠦᠯᠭᠡ ᠶᠢ ᠵᠢᠯᠣᠭᠤᠳᠤᠭᠰᠠᠨ ᠤ ᠦᠨᠳᠦᠰᠦᠨ ᠰᠢᠯᠲᠠᠭᠠᠨ ᠨᠢ ᠲᠡᠭᠦᠨ ᠤ ᠭᠤᠣᠯ ᠦᠨᠳᠦᠰᠦᠯᠡᠯ ᠪᠠ ᠲᠡᠭᠦᠨ ᠳᠤ ᠲᠤᠭᠤᠰᠢᠯᠠᠭᠳᠠᠭᠰᠠᠨ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠳᠤ ᠪᠠᠶᠢᠳᠠᠭ᠃ ᠪᠢᠳᠠ ᠶᠠᠮᠠᠷᠪᠠ ᠦᠶ᠎ᠡ ᠳᠤ ᠭᠡᠳ ᠴᠥᠮ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠳ᠋ᠧᠩ ᠰᠢᠶᠣᠣ ᠫᠢᠩ ᠤᠨ ᠤᠨᠦᠯ ᠢ ᠪᠦᠲᠦᠭᠡᠯᠴᠢ ᠪᠠᠷ ᠰᠤᠷᠦᠯᠴᠡᠠ ᠬᠡᠷᠡᠭᠯᠡᠵᠦ᠂ ᠳ᠋ᠧᠩ ᠰᠢᠶᠣᠣ ᠫᠢᠩ ᠨᠥᠬᠦᠷ ᠤᠨ ᠨᠡᠶᠢᠭᠡᠮ ᠵᠢᠷᠤᠮ ᠤᠨ ᠵᠢᠮ᠎ᠡ ᠶᠣᠰᠣᠴᠢ ᠴᠢᠨᠠᠷ ᠤᠨ ᠲᠠᠨᠢᠯᠲᠠ ᠳᠤ ᠰᠠᠭᠤᠷᠢᠯᠠᠨ ᠳᠤᠷᠠᠳᠤᠨ ᠭᠠᠷᠭᠠᠭᠰᠠᠨ ᠴᠢᠬᠤᠯᠠ ᠶᠡᠭᠡ ᠳ᠋ᠦᠩᠨᠡᠯᠲᠡ᠂ ᠦᠨᠳᠦᠰᠦᠨ ᠦᠵᠡᠯᠲᠡ᠂ ᠵᠥᠪ ᠵᠣᠷᠢᠯᠲᠠ ᠶᠢ ᠪᠠᠷᠢᠮᠲᠠᠯᠠᠬᠤ ᠬᠡᠷᠡᠭᠲᠡᠢ ᠮᠥᠷᠲᠡᠭᠡᠨ ᠪᠠᠰᠠ ᠲᠡᠰᠦᠷᠡᠯᠳᠠ ᠦᠭᠡᠢ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠤᠨᠦᠯ ᠤᠨ ᠭᠤᠣᠯ ᠴᠢᠮᠦᠭᠡ ᠪᠠ ᠮᠥᠨ ᠴᠢᠨᠠᠷ ᠢ ᠨᠢ ᠵᠥᠪ ᠡᠵᠡᠮᠰᠢᠵᠦ᠂ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠵᠦ᠂ ᠦᠨᠡᠨ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠦᠢᠯᠡᠳᠦᠯᠭᠡ ᠶᠢ ᠵᠢᠯᠤᠭᠤᠳᠬᠤ ᠳᠤ ᠬᠡᠯᠪᠡᠶᠢᠬᠦ ᠦᠭᠡᠢ ᠪᠠᠶᠢᠬᠤ ᠬᠡᠷᠡᠭᠲᠡᠢ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠭᠰᠡᠨ ᠪᠥᠭᠡᠳ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠭᠦᠨ ᠵᠤᠵᠠᠭᠠᠨ ᠬᠥᠷᠥᠰᠥ ᠰᠢᠷᠣᠢ ᠬᠠᠩᠭᠠᠵᠠᠢ᠃ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠨᠳᠦᠰᠦ ᠰᠤᠷᠪᠤᠯᠵᠢ ᠶᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠦᠨᠡᠨ ᠶᠣᠰᠣ ᠶᠢ ᠲᠠᠰᠤᠷᠠᠯᠲᠠ ᠦᠭᠡᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠳᠤᠮᠳᠠᠳᠤ ᠤᠯᠤᠰ ᠤᠨ ᠠᠰᠠᠭᠤᠯᠲᠠ᠂ ᠶᠢᠷᠲᠢᠨᠴᠦ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠭᠡᠷᠡᠯ ᠰᠠᠴᠤᠷᠠᠩᠭᠤᠢ ᠦᠨᠡᠨ ᠶᠣᠰᠣᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠤᠯᠭᠠᠬᠤ ᠬᠡᠷᠡᠭᠲᠡᠢ︕      ᠨᠥᠬᠦᠳ ᠠ᠋᠂ ᠨᠠᠶᠢᠵᠠ ᠨᠠᠷ ᠠ᠋︕      ᠳ᠋ᠧᠩ ᠰᠢᠶᠣᠣ ᠫᠢᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠲᠡᠭᠦᠨ ᠤ ᠡᠭᠦᠳᠦᠨ ᠨᠡᠭᠡᠭᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠡᠨᠡ ᠬᠦ ᠭᠤᠣᠯ ᠡᠭᠦᠷᠭᠡ  ᠶᠢᠨ ᠲᠣᠭᠤᠷᠢᠨ ᠳᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃      ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠶᠡᠷᠦᠩᠬᠡᠢ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠤᠯᠭᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠨᠢᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠬᠦ ᠶᠣᠰᠣᠲᠠᠢ ᠶᠢ ᠨᠢ ᠡᠷᠡᠰ ᠭᠤᠶᠢᠪᠢᠰᠢ ᠦᠭᠡᠢ ᠥᠭᠡᠷᠡᠴᠢᠯᠡᠵᠦ᠂ ᠥᠭᠡᠷᠡᠴᠢᠯᠡᠵᠦ  ᠪᠤᠯᠬᠤ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠰᠢᠰᠲ᠋ᠧᠮᠵᠢᠭᠦᠯᠦᠨ ᠬᠤᠷᠠᠮᠳᠤᠭᠤᠯᠬᠤ ᠶᠢ ᠨᠡᠩ ᠴᠢᠬᠤᠯᠠᠴᠢᠯᠠᠵᠤ᠂ ᠭᠤᠣᠯᠳᠠᠯᠭ᠎ᠠ ᠶᠢ ᠲᠤᠪᠤᠶᠢᠯᠭᠠᠬᠤ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃      ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠬᠦᠴᠦᠯᠡᠨ ᠪᠠᠶᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠲᠠ᠂ ᠬᠤᠲᠠ ᠪᠠᠯᠭᠠᠰᠤᠵᠢᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃      ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠢᠳᠡ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠡᠷᠬᠡ ᠶᠢᠨ ᠲᠥᠪ ᠭᠤᠣᠯᠴᠢ᠂ ᠲᠣᠭᠢᠶᠠᠯ ᠤᠨ ᠲᠥᠪ ᠭᠤᠣᠯᠴᠢ᠂ ᠳᠦᠷᠢᠮ ᠤᠨ ᠲᠥᠪ ᠭᠤᠣᠯᠴᠢ ᠪᠠᠶᠢᠬᠤ ᠪᠠᠷ ᠭᠤᠣᠯ ᠠᠭᠤᠯᠭ᠎ᠠ ᠪᠤᠯᠭᠠᠬᠰᠠᠨ ᠨᠡᠶᠢᠭᠡᠮ ᠤᠨ ᠲᠥᠪ ᠭᠤᠣᠯᠴᠢ ᠶᠢ ᠪᠠᠲᠤᠯᠠᠬᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠪᠦᠭᠦ ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠴᠢᠨᠠᠷ ᠪᠠ ᠲᠡᠦᠬᠡ ᠶᠢᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠬᠤᠳᠠ ᠬᠥᠳᠡᠭᠡ ᠶᠢᠨ ᠵᠥᠷᠢᠶ᠎ᠡ᠂ ᠭᠠᠵᠠᠷ ᠣᠷᠣᠨ ᠤ ᠵᠥᠷᠢᠶ᠎ᠡ᠂ ᠣᠷᠣᠯᠭ᠎ᠠ ᠶᠢᠨ ᠵᠥᠷᠢᠶ᠎ᠡ ᠶᠢ ᠴᠢᠷᠮᠠᠶᠢᠨ ᠪᠠᠭᠠᠰᠬᠠᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠲᠠᠰᠤᠷᠠᠯᠳᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃      ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ  ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠳᠤᠮᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠭᠠᠳᠠᠭᠠᠳᠤ ᠨᠡᠭᠡᠭᠡᠯᠲᠡ ᠳᠤᠮᠳᠠᠬᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃      ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ  ᠭᠤᠶᠢᠪᠢᠰᠢ ᠦᠭᠡᠢ ᠠᠬᠢᠭᠤᠯᠵᠤ᠂ ᠨᠡᠩ ᠪᠠᠲᠤ ᠴᠢᠩᠭ᠎ᠠ ᠬᠦᠴᠦᠨ ᠲᠠᠢ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠣᠭᠰᠣᠰᠢ ᠦᠭᠡᠢ᠂ ᠰᠢᠯᠭᠠᠯᠲᠠ ᠳᠤ ᠣᠷᠤᠯᠴᠠᠬᠤ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠡᠭᠦᠷᠢᠳᠡ ᠪᠠᠲᠤᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠲᠠᠶᠢᠨ ᠤ ᠢᠯᠠᠯᠲᠠ ᠶᠢ ᠵᠠᠪᠠᠯ ᠣᠯᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ᠃      ᠨᠥᠬᠦᠳ ᠠ᠋᠂ ᠨᠠᠶᠢᠵᠠ ᠨᠠᠷ ᠠ᠋︕      ᠠᠷᠠᠳ ᠤᠨ ᠴᠡᠷᠢᠭ ᠠᠩᠭᠢ ᠪᠣᠯ ᠨᠠᠮ ᠪᠠ ᠤᠯᠤᠰ ᠤᠨ ᠪᠠᠲᠤ ᠪᠠᠬᠢ ᠪᠣᠯᠣᠳ ᠬᠡᠷᠡᠮ ᠮᠥᠨ᠃ ᠪᠢᠳᠠ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠦᠲᠦᠭᠡᠨ ᠪᠠᠶᠢᠭᠤᠯᠵᠤ᠂ ᠠᠷᠠᠳ ᠤᠨ ᠴᠡᠷᠢᠭ ᠠᠩᠭᠢ ᠶᠢᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃      ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠤᠭᠠᠯ ᠬᠦᠰᠡᠯ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠤᠯᠠᠮ ᠨᠢᠭᠡ ᠠᠯᠬᠤᠮ ᠠᠭᠤᠰᠤᠨ ᠣᠷᠣᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠨ ᠠᠬᠢᠭᠤᠯᠬᠤ ᠬᠡᠷᠡᠭᠲᠡᠢ᠃ ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ  ᠭᠤᠶᠢᠪᠢᠰᠢ ᠦᠭᠡᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠬᠡᠷᠡᠭᠲᠡᠢ᠃ ᠡᠬᠡ ᠣᠷᠣᠨ ᠢ ᠬᠠᠭᠠᠴᠠᠭᠤᠯᠬᠤ ᠶᠠᠮᠠᠷᠪᠠ ᠬᠦᠴᠦᠨ ᠪᠠ ᠠᠵᠢᠯᠯᠠᠭ᠎ᠠ᠂ ᠳᠤᠮᠳᠠᠳᠤ ᠤᠯᠤᠰ ᠤᠨ ᠨᠢᠭᠡᠳᠦᠯ ᠤᠨ ᠠᠬᠢᠴᠠ ᠶᠢ ᠡᠪᠳᠡᠬᠦ ᠶᠠᠮᠠᠷᠪᠠ ᠭᠠᠳᠠᠭᠠᠳᠤ ᠶᠢᠨ ᠭᠠᠷ ᠳᠦᠷᠦᠯᠲᠡ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠴᠦᠲᠡᠢ ᠴᠣᠬᠢᠯᠲᠠ ᠳᠤ ᠤᠴᠠᠷᠠᠬᠤ ᠨᠢ ᠯᠠᠪᠲᠠᠢ ᠶᠤᠮ︕      ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ ᠬᠦᠴᠦᠨ ᠮᠥᠨ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠬᠤ ᠬᠡᠷᠡᠭᠲᠡᠢ᠃      ᠨᠥᠬᠦᠳ ᠠ᠋᠂ ᠨᠠᠶᠢᠵᠠ ᠨᠠᠷ ᠠ᠋︕      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠬᠢᠭᠰᠡᠨ ᠠᠯᠢᠪᠠ ᠪᠦᠭᠦᠨ ᠪᠣᠯ ᠴᠥᠮ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠴᠥᠮ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠪᠡᠶᠡᠯᠡᠭᠦᠯᠦᠭᠡᠳᠦᠢ ᠦᠢᠯᠡᠰ ᠢ ᠪᠡᠶᠡᠯᠡᠭᠦᠯᠵᠦ᠂ ᠴᠥᠮ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠦᠭᠰᠡᠨ ᠶᠠᠪᠤᠳᠠᠯ ᠪᠣᠯᠣᠨ᠎ᠠ᠃ ᠴᠠᠭ ᠦᠶ᠎ᠡ ᠲᠠᠰᠤᠷᠠᠯᠳᠠ ᠦᠭᠡᠢ ᠤᠷᠤᠭᠰᠢᠯᠠᠵᠤ᠂ ᠠᠵᠢᠯ ᠦᠢᠯᠡᠰ ᠲᠠᠰᠤᠷᠠᠯᠳᠠ ᠦᠭᠡᠢ ᠬᠥᠭᠵᠢᠵᠦ ᠪᠠᠶᠢᠨ᠎ᠠ᠂ ᠤᠨᠤᠯ ᠤᠨ ᠰᠢᠨ᠎ᠡ ᠡᠭᠦᠳᠦᠯᠲᠡ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠨᠢᠭᠡ ᠮᠥᠴᠡ ᠴᠦ ᠵᠣᠭᠰᠣᠭᠠᠵᠤ ᠪᠤᠯᠬᠤ ᠦᠭᠡᠢ᠃ ᠳ᠋ᠧᠩ ᠰᠢᠶᠣᠣ ᠫᠢᠩ ᠨᠥᠬᠦᠷ᠄ ︽ᠳᠤᠮᠳᠠᠳᠤ ᠤᠯᠤᠰ ᠲᠤ ᠵᠢᠯ ᠪᠦᠷᠢ ᠰᠢᠨ᠎ᠡ ᠶᠠᠭᠤᠮ᠎ᠠ ᠲᠠᠢ ᠪᠠᠶᠢᠬᠤ ᠬᠡᠷᠡᠭᠲᠡᠢ᠂ ᠡᠳᠦᠷ ᠪᠦᠷᠢ ᠴᠥᠮ ᠰᠢᠨ᠎ᠡ ᠶᠠᠭᠤᠮ᠎ᠠ ᠲᠠᠢ ᠪᠠᠶᠢᠬᠤ ᠬᠡᠷᠡᠭᠲᠡᠢ︾ ᠭᠡᠵᠦ ᠬᠡᠯᠡᠭᠰᠡᠨ ᠪᠢᠯᠡ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ  ᠡᠭᠦᠳᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠪᠦᠭᠡ ᠳᠡᠭᠡᠳᠦᠰ ᠢᠶᠠᠨ ᠦᠯᠦ ᠮᠠᠷᠲᠠᠵᠤ᠂ ᠢᠮᠠᠭᠲᠠ ᠵᠥᠪ ᠵᠠᠮ ᠢᠶᠠᠷ ᠵᠠᠮᠨᠠᠵᠤ᠂ ᠰᠢᠨ᠎ᠡ ᠵᠠᠮ ᠢ ᠴᠢᠳᠠᠮᠠᠭᠠᠢ ᠨᠡᠭᠡᠭᠡᠵᠦ᠂ ᠤᠨᠤᠯ ᠤᠨ ᠮᠣᠳᠣ ᠶᠢ ᠮᠥᠩᠬᠡ ᠨᠣᠭᠤᠭᠠᠷᠠᠭᠤᠯᠵᠤ᠂ ᠠᠵᠢᠯ ᠦᠢᠯᠡᠰ ᠤᠨ ᠮᠣᠳᠣ ᠶᠢ ᠮᠥᠩᠬᠡ ᠨᠣᠭᠤᠭᠠᠷᠠᠭᠤᠯᠵᠤ᠂ ᠲᠠᠰᠤᠷᠠᠯᠳᠠ ᠦᠭᠡᠢ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠠᠮᠵᠢᠯᠲᠠ ᠪᠦᠳᠦᠮᠵᠢ ᠪᠠᠷ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠢᠶᠠᠨ ᠲᠠᠶᠢᠳᠬᠤᠷᠠᠭᠤᠯᠬᠤ ᠬᠡᠷᠡᠭᠲᠡᠢ᠃      ᠨᠥᠬᠦᠳ ᠠ᠋᠂ ᠨᠠᠶᠢᠵᠠ ᠨᠠᠷ ᠠ᠋︕      ᠡᠨᠡ ᠬᠦ ᠴᠠᠭ ᠮᠥᠴᠡ ᠳᠤ ᠪᠢ ᠳ᠋ᠧᠩ ᠰᠢᠶᠣᠣ ᠫᠢᠩ ᠨᠥᠬᠦᠷ ᠤᠨ ᠬᠡᠯᠡᠭᠰᠡᠨ ᠬᠤᠶᠠᠷ ᠪᠠᠳᠠᠭ ᠦᠭᠡ ᠰᠠᠨᠠᠭᠳᠠᠵᠤ ᠪᠠᠶᠢᠨ᠎ᠠ᠄ ᠨᠢᠭᠡ ᠳᠤ ︽ᠢᠷᠡᠬᠦ ᠵᠠᠭᠤᠨ ᠤ ᠲᠠᠪᠢᠭᠠᠳ ᠣᠨ ᠪᠤᠯᠬᠤ ᠳᠤ ᠪᠢᠳᠡ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠭᠦᠷᠪᠡᠯ ᠨᠡᠶᠢᠭᠡᠮ ᠵᠢᠷᠤᠮ ᠠᠮᠵᠢᠯᠲᠠ ᠣᠯᠣᠭᠰᠠᠨ ᠢ ᠤᠯᠠᠮ ᠨᠢᠭᠡ ᠠᠯᠬᠤᠮ ᠮᠠᠭᠠᠳᠯᠠᠨ ᠬᠡᠯᠡᠵᠦ ᠪᠣᠯᠣᠨ᠎ᠠ︾᠃ ᠬᠤᠶᠠᠷ ᠲᠤ ︽ᠢᠷᠡᠬᠦ ᠵᠠᠭᠤᠨ ᠤ ᠳᠤᠮᠳᠠᠴᠢ ᠦᠶ᠎ᠡ ᠪᠤᠯᠬᠤ ᠳᠤ ᠳᠡᠯᠡᠬᠡᠢ ᠶᠢᠨ ᠬᠥᠭᠵᠢᠭᠰᠡᠨ ᠤᠯᠤᠰ ᠤᠳ ᠤᠨ ᠲᠦᠪᠰᠢᠨ ᠳᠤ ᠣᠶᠢᠷᠠᠳᠴᠤ ᠴᠢᠳᠠᠪᠠᠯ ᠳᠡᠷᠡ ᠪᠣᠯ ᠰᠠᠶ᠋ᠢ ᠶᠡᠭᠡ ᠬᠤᠪᠢᠷᠠᠯᠲᠠ ᠪᠣᠯᠣᠨ᠎ᠠ᠃ ᠲᠡᠷᠡ ᠦᠶ᠎ᠡ ᠪᠤᠯᠬᠤ ᠳᠤ ᠨᠡᠶᠢᠭᠡᠮ ᠵᠢᠷᠤᠮᠲᠤ ᠳᠤᠮᠳᠠᠳᠤ ᠤᠯᠤᠰ ᠤᠨ ᠪᠠᠶᠢᠷᠢ ᠰᠠᠭᠤᠷᠢ ᠪᠣᠯᠣᠨ ᠦᠢᠯᠡᠳᠦᠯ ᠠᠳᠠᠯᠢ ᠦᠭᠡᠢ ᠪᠣᠯᠵᠤ᠂ ᠪᠢᠳᠡ ᠬᠥᠮᠥᠨ ᠲᠥᠷᠥᠯᠬᠢᠲᠡᠨ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ︾᠃      ᠤᠳᠤ᠂ ᠪᠢᠳᠡᠨ ᠤ ᠲᠣᠭᠲᠠᠭᠠᠭᠰᠠᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠵᠥᠪᠭᠡᠨ 10 ᠵᠢᠯ ᠭᠠᠷᠤᠢ ᠶᠢᠨ ᠴᠠᠭ ᠯᠡ ᠪᠠᠶᠢᠨ᠎ᠠ᠂ ᠪᠢᠳᠡᠨ ᠤ ᠲᠣᠭᠲᠠᠭᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠵᠥᠪᠭᠡᠨ 20 ᠭᠠᠷᠤᠢ ᠵᠢᠯ ᠤᠨ ᠴᠠᠭ ᠯᠡ ᠪᠠᠶᠢᠨ᠎ᠠ᠃ ᠴᠠᠭ ᠪᠢᠳᠡᠨ ᠢ ᠬᠦᠯᠢᠶᠡᠬᠦ ᠦᠭᠡᠢ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠲᠦᠭ ᠲᠦᠮᠡᠨ ᠠᠷᠠᠳ ᠲᠦᠮᠡᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ  ᠠᠬᠢᠭᠤᠯᠬᠤ ᠰᠦᠷ ᠵᠢᠪᠬᠤᠯᠠᠩᠲᠤ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ︕ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ