ᠨᠠᠮ ᠤᠨ ᠲᠥᠪ ᠬᠤᠷᠢᠶ᠎ᠠ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
      ᠰᠢ ᠶᠢᠨ ᠫᠢᠩ  ᠴᠢᠬᠤᠯᠠ ᠶᠠᠷᠢᠶ᠎ᠠ ᠲᠠᠯᠪᠢᠵᠤ᠂ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ      ᠵᠤᠤ ᠯᠧ ᠵᠢᠢ    ᠸᠠᠩ ᠬᠤ᠋ ᠨᠢᠩ    ᠳ᠋ᠢᠩ ᠰᠢᠤᠸᠠᠢ ᠰᠢᠶᠠᠩ    ᠯᠢ ᠰᠢ   ᠬᠠᠨ ᠵᠧᠩ ᠬᠤᠷᠠᠯ ᠳᠤ ᠣᠷᠣᠯᠴᠠᠵᠤ  ᠼᠠᠢ ᠴᠢ ᠬᠤᠷᠠᠯ ᠢ ᠡᠷᠭᠢᠯᠡᠪᠡ

6386000386954364886950149.png

      8 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳ᠋ᠧᠩ ᠰᠢᠶᠣᠣ ᠫᠢᠩ ᠨᠥᠬᠦᠷ ᠤᠨ

ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ

ᠰᠢᠤᠸᠠᠢ ᠰᠢᠶᠠᠩ᠂ ᠯᠢ ᠰᠢ᠂ ᠬᠠᠨ ᠵᠧᠩ  ᠨᠠᠷ ᠶᠠᠷᠢᠯᠴᠠᠬᠤ ᠬᠤᠷᠠᠯ ᠳᠤ ᠣᠷᠣᠯᠴᠠᠪᠠ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ

ᠨᠠᠮ ᠤᠨ ᠲᠥᠪ ᠬᠤᠷᠢᠶ᠎ᠠ 22 ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠳ᠋ᠧᠩ ᠰᠢᠶᠣᠣ ᠫᠢᠩ

ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳ᠋ᠧᠩ ᠰᠢᠶᠣᠣ ᠫᠢᠩ ᠨᠥᠬᠦᠷ ᠪᠣᠯ ᠪᠦᠭᠦ ᠨᠠᠮ ᠪᠦᠭᠦ

ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ

ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠦᠭᠡᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠶᠠᠪᠤᠳᠠᠯ ᠤᠨ

ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠤᠬᠠᠭᠠᠨᠲᠠᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠨᠠᠮ ᠤᠨ

ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠥᠭᠡᠷᠡᠴᠢᠯᠡᠯᠲᠡ

ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠪᠯᠡᠭᠴᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ

ᠵᠠᠮ ᠢ ᠨᠡᠭᠡᠭᠡᠨ ᠡᠭᠦᠳᠦᠭᠴᠢ᠂ ᠳ᠋ᠧᠩ ᠰᠢᠶᠣᠣ ᠫᠢᠩ ᠤᠨ ᠣᠨᠣᠯ ᠤᠨ ᠭᠤᠣᠯ ᠡᠭᠦᠳᠦᠭᠴᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠢᠬᠤᠯᠠ

ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃ ᠲᠡᠷᠡ ᠨᠠᠮ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂

ᠳᠡᠯᠡᠬᠡᠢ ᠳ᠋ᠠᠬᠢᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠭᠠᠪᠢᠶ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ ᠤᠨ ᠬᠥᠮᠥᠰ ᠢ ᠥᠨᠢᠳᠡ

ᠵᠣᠷᠢᠭᠵᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂

ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ

 ᠶᠢᠨ ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃

      ᠰᠢ ᠶᠢᠨ ᠫᠢᠩ ᠶᠠᠷᠢᠶᠠᠨ ᠳᠠᠭᠠᠨ᠂ ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠶᠢᠴᠢᠨ ᠨᠢᠭᠡ ᠨᠠᠰᠤ᠂

ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ ᠤᠨ ᠤᠳᠤᠷᠢᠳᠤᠭᠰᠠᠨ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠤᠨ ᠴᠢᠯᠦᠭᠡᠯᠡᠯᠲᠡ ᠶᠢᠨ ᠦᠢᠯᠡᠰ᠂

ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠬᠤ ᠪᠠ ᠨᠡᠶᠢᠭᠡᠮ ᠵᠢᠷᠤᠮ ᠤᠨ

ᠪᠦᠲᠦᠭᠡᠨ ᠪᠠᠶᠢᠭᠤᠯᠤᠯᠲᠠ ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠲᠡᠷᠡ ᠨᠠᠮ ᠤᠨ

ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠢ ᠳᠠᠭᠠᠭᠤᠯᠤᠨ

ᠠᠭᠤᠤ ᠶᠡᠭᠡ ᠲᠡᠦᠬᠡᠨ ᠡᠷᠭᠢᠯᠲᠡ ᠶᠢ ᠪᠡᠶᠡᠯᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠠᠬᠢᠭᠤᠯᠵᠤ᠂

ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠴᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠵᠥᠪ

ᠵᠠᠮ ᠢ ᠲᠣᠭᠲᠠᠭᠠᠵᠤ᠂ ᠭᠡᠷᠡᠯ ᠰᠠᠴᠤᠷᠠᠩᠭᠤᠢ ᠨᠡᠶᠢᠭᠡᠮ ᠵᠢᠷᠤᠮ ᠤᠨ ᠲᠤᠭ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ

ᠠᠮᠵᠢᠯᠲᠠ ᠲᠠᠢ ᠡᠭᠦᠳᠦᠨ ᠨᠡᠭᠡᠭᠡᠵᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ ᠪᠥᠭᠡᠳ ᠡᠭᠦᠳᠦᠯᠲᠡ ᠶᠢᠨ ᠴᠢᠨᠠᠷᠲᠠᠢ ᠶᠤᠮ᠂

ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ ᠨᠥᠯᠥᠭᠡ ᠨᠢ  ᠭᠦᠨ ᠭᠦᠨᠵᠡᠭᠡᠢ᠂ ᠠᠯᠤᠰ ᠭᠡᠳᠤ ᠶᠢᠨ ᠶᠤᠮ᠃ ᠲᠡᠭᠦᠨ ᠤ ᠨᠢᠭᠡ ᠨᠠᠰᠤᠨ ᠤ

ᠲᠡᠮᠡᠴᠡᠯ ᠤᠨ ᠥᠩᠭᠡᠷᠡᠯᠲᠡ ᠨᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ

ᠲᠤᠬᠠᠢ ᠢᠲᠡᠭᠡᠯ ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ ᠢ ᠬᠢᠵᠠᠭᠠᠯᠠᠰᠢ ᠦᠭᠡᠢ ᠬᠠᠶᠢᠷᠠᠯᠠᠬᠤ ᠠᠭᠤᠤ ᠶᠡᠭᠡ

ᠬᠠᠶᠢᠷ᠎ᠠ ᠰᠡᠳᠬᠢᠯᠭᠡ᠂ ᠦᠨᠡᠨ ᠠᠴᠠ ᠵᠥᠪ ᠢ ᠡᠷᠢᠬᠦ ᠤᠨᠤᠯ ᠤᠨ ᠵᠠᠩ ᠴᠢᠨᠠᠷ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ ᠲᠦᠷᠦ ᠶᠢᠨ ᠰᠥᠰᠥ

ᠵᠣᠷᠢᠭ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ ᠪᠠᠭᠲᠠᠭᠠᠮᠵᠢᠲᠠᠢ

ᠬᠡᠬᠦᠳᠡᠭ ᠴᠡᠭᠡᠵᠢ ᠶᠢ ᠭᠦᠢᠴᠡᠳ ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠪᠢᠳᠡ ᠡᠭᠦᠷᠢᠳᠡ ᠴᠡᠭᠡᠵᠢᠯᠡᠨ᠎ᠡ; ᠲᠡᠭᠦᠨ ᠤ ᠡᠷᠬᠢᠮ

ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ ᠬᠦᠨᠳᠦᠳᠬᠡᠨ ᠪᠢᠰᠢᠷᠡᠨ᠎ᠡ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠪᠢᠳᠡᠨ ᠳᠤ ᠦᠯᠡᠳᠡᠭᠡᠵᠦ ᠥᠭᠭᠦᠭᠰᠡᠨ ᠬᠠᠮᠤᠭ ᠤᠨ ᠴᠢᠬᠤᠯᠠ ᠦᠵᠡᠯ ᠰᠠᠨᠠᠭᠠᠨ ᠤ ᠡᠳ᠋ ᠪᠠᠶᠠᠯᠢᠭ ᠪᠣᠯ

ᠲᠡᠭᠦᠨ ᠤ ᠭᠤᠣᠯᠯᠠᠨ ᠡᠭᠦᠳᠦᠨ ᠪᠠᠶᠢᠭᠤᠯᠤᠭᠰᠠᠨ ᠳ᠋ᠧᠩ ᠰᠢᠶᠣᠣ ᠫᠢᠩ ᠤᠨ ᠤᠨᠤᠯ ᠪᠣᠯᠣᠨ᠎ᠠ᠃ ᠳ᠋ᠧᠩ ᠰᠢᠶᠣᠣ ᠫᠢᠩ ᠤᠨ ᠤᠨᠤᠯ ᠪᠣᠯ ᠮᠠᠷᠺᠰ ᠤᠨ ᠦᠵᠡᠯ ᠢ

ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠤ ᠴᠢᠬᠤᠯᠠ ᠪᠡᠯᠭᠡ ᠲᠡᠮᠳᠡᠭ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠷᠬᠡᠪᠰᠢ ᠳ᠋ᠧᠩ ᠰᠢᠶᠣᠣ

ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ

ᠪᠦᠷᠢᠨ ᠪᠦᠲᠦᠨ᠂ ᠵᠥᠪ ᠣᠨᠣᠪᠴᠢᠲᠠᠢ ᠣᠶᠢᠯᠠᠭᠠᠵᠤ᠂ ᠳ᠋ᠧᠩ ᠰᠢᠶᠣᠣ ᠫᠢᠩ ᠨᠥᠬᠦᠷ ᠤᠨ ᠨᠡᠶᠢᠭᠡᠮ ᠵᠢᠷᠤᠮ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠳᠤ

ᠰᠠᠭᠤᠷᠢᠯᠠᠨ ᠳᠤᠷᠠᠳᠤᠭᠰᠠᠨ ᠴᠢᠬᠤᠯᠠ ᠶᠡᠭᠡ ᠳ᠋ᠦᠩᠨᠡᠯᠲᠡ᠂ ᠦᠨᠳᠦᠰᠦᠨ ᠦᠵᠡᠯᠲᠡ᠂ ᠵᠥᠪ ᠵᠣᠷᠢᠯᠲᠠ ᠶᠢ ᠪᠠᠷᠢᠮᠲᠠᠯᠠᠬᠤ ᠮᠥᠷᠲᠡᠭᠡᠨ ᠪᠠᠰᠠ ᠲᠠᠰᠤᠷᠠᠯᠳᠠ ᠦᠭᠡᠢ

ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠤᠨᠤᠯ ᠤᠨ ᠭᠤᠣᠯ ᠴᠢᠮᠦᠭᠡ ᠪᠠ ᠮᠥᠨ ᠴᠢᠨᠠᠷ ᠢ ᠨᠢ ᠵᠥᠪ ᠡᠵᠡᠮᠳᠡᠵᠦ᠂ ᠪᠣᠳᠠᠲᠤ ᠠᠰᠠᠭᠤᠳᠠᠯ ᠢ

ᠰᠢᠢᠳᠪᠦᠷᠢᠯᠡᠬᠦ ᠳᠤ ᠬᠡᠷᠡᠭᠯᠡᠵᠦ᠂ ᠦᠨᠡᠨ ᠶᠣᠰᠣ ᠶᠢ ᠭᠤᠶᠢᠪᠢᠰᠢ ᠦᠭᠡᠢ ᠪᠠᠷᠢᠮᠲᠠᠯᠠᠨ᠂ ᠦᠢᠯᠡᠳᠦᠯᠭᠡ ᠶᠢ ᠵᠢᠯᠤᠭᠤᠳᠬᠤ ᠳᠤ ᠬᠡᠯᠪᠡᠶᠢᠬᠦ ᠦᠭᠡᠢ ᠪᠠᠶᠢᠬᠤ ᠶᠢ ᠪᠡᠶᠡᠯᠡᠭᠦᠯᠬᠦ

ᠬᠡᠷᠡᠭᠲᠡᠢ᠃ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ

ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠤᠨ ᠦᠨᠳᠦᠰᠦ ᠰᠤᠷᠪᠤᠯᠵᠢ ᠶᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ

ᠪᠦᠲᠦᠭᠡᠯ ᠢᠶᠠᠷ ᠲᠣᠯᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠦᠨᠡᠨ ᠶᠣᠰᠣ ᠶᠢ ᠲᠠᠰᠤᠷᠠᠯᠲᠠ ᠦᠭᠡᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠳᠤᠮᠳᠠᠳᠤ ᠤᠯᠤᠰ ᠤᠨ ᠠᠰᠠᠭᠤᠯᠲᠠ᠂ ᠶᠢᠷᠲᠢᠨᠴᠦ ᠶᠢᠨ ᠠᠰᠠᠭᠤᠯᠲᠠ᠂ ᠠᠷᠠᠳ

ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ

ᠦᠷᠭᠦᠯᠵᠢᠯᠡᠨ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠭᠡᠷᠡᠯ

ᠰᠠᠴᠤᠷᠠᠩᠭᠤᠢ ᠦᠨᠡᠨ ᠶᠣᠰᠣᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ  ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ

ᠠᠬᠢᠭᠤᠯᠬᠤ ᠡᠨᠡ ᠬᠦ ᠭᠤᠣᠯ ᠡᠭᠦᠷᠭᠡ ᠶᠢᠨ ᠲᠣᠭᠤᠷᠢᠨ ᠳᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃

ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠴᠢᠨᠠᠷ ᠰᠠᠶᠢᠲᠠᠢ

ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ

ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ

ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ

ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂

ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠵᠦ᠂ ᠪᠣᠳᠠᠰ ᠤᠨ ᠪᠣᠯᠪᠠᠰᠤᠨ ᠪᠣᠯᠣᠨ ᠣᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ᠂

ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ

ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ  ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠳᠤᠮᠳᠠᠳᠤ ᠤᠯᠤᠰ ᠢ

ᠪᠦᠲᠦᠭᠡᠨ ᠪᠠᠶᠢᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠬᠠᠮᠲᠤ ᠪᠠᠷ

ᠪᠠᠶᠠᠵᠢᠬᠤ ᠶᠢ ᠠᠬᠢᠭᠤᠯᠵᠤ ᠲᠠᠰᠤᠷᠠᠯᠲᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ

ᠨᠡᠭᠡᠭᠡᠯᠲᠡ ᠶᠢ ᠠᠬᠢᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ

ᠪᠠᠶᠢᠭᠤᠯᠵᠤ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠨᠡᠭᠡᠭᠡᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠤᠯᠤᠰ ᠤᠨ ᠡᠷᠬᠡ ᠮᠡᠳᠡᠯ᠂ ᠠᠮᠤᠷ

ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠪᠦᠭᠦ

ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ

ᠳᠠᠭᠠᠭᠠᠮᠠᠭᠠᠢ ᠳᠠᠶᠢᠨ ᠤ ᠢᠯᠠᠯᠲᠠ ᠶᠢ ᠵᠠᠪᠠᠯ ᠲᠡᠮᠡᠴᠡᠨ ᠣᠯᠵᠤ᠂ ᠨᠠᠮ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ

ᠦᠭᠡᠢ ᠪᠠᠶᠢᠬᠤ ᠶᠢ ᠪᠠᠲᠤᠯᠠᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ

ᠭᠤᠣᠯᠯᠠᠭᠴᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃

      ᠰᠢ ᠶᠢᠨ ᠫᠢᠩ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠮᠠᠤ ᠽᠧ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠶᠢᠨ

ᠬᠤᠪᠢᠰᠬᠠᠯᠴᠢᠳ ᠤᠨ ᠤᠤᠭᠠᠯ ᠬᠦᠰᠡᠯ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ

ᠡᠷᠡᠮᠡᠯᠵᠡᠯ ᠮᠥᠨ᠂ ᠪᠠᠰᠠ ᠴᠤ ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂

︽ᠰᠢᠶᠠᠩᠭᠠᠡᠭᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ

ᠪᠦᠭᠦ ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠤᠯᠠᠮ ᠨᠢᠭᠡ

ᠠᠯᠬᠤᠮ ᠠᠭᠤᠰᠤᠨ ᠣᠷᠣᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠨ ᠠᠬᠢᠭᠤᠯᠬᠤ ᠬᠡᠷᠡᠭᠲᠡᠢ᠃ ᠪᠢᠳᠡ ᠰᠢᠨ᠎ᠡ ᠴᠠᠭ ᠦᠶ᠎ᠡ ᠶᠢᠨ ᠨᠠᠮ ᠤᠨ

ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ

ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ

ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠤᠯᠤᠰ ᠤᠨ ᠡᠷᠬᠡ ᠮᠡᠳᠡᠯ ᠪᠠ ᠨᠤᠲᠤᠭ

ᠳᠡᠪᠢᠰᠬᠡᠷ ᠤᠨ ᠪᠦᠷᠢᠨ ᠪᠦᠲᠦᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

      ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ ᠬᠦᠴᠦᠨ ᠮᠥᠨ᠃ ᠪᠢᠳᠡ ᠡᠩᠬᠡ ᠲᠠᠶᠢᠪᠤᠩ᠂

ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ

ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ

ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ

ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠬᠤ ᠬᠡᠷᠡᠭᠲᠡᠢ ᠭᠡᠵᠦ

ᠴᠢᠬᠤᠯᠠᠴᠢᠯᠠᠵᠠᠢ᠃

      ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ  ᠳ᠋ᠧᠩ ᠰᠢᠶᠣᠣ ᠫᠢᠩ ᠨᠥᠬᠦᠷ ᠤᠨ ᠭᠡᠷᠡᠯ

ᠰᠠᠴᠤᠷᠠᠩᠭᠤᠢ᠂ ᠲᠠᠶᠢᠴᠢᠨ᠂ ᠠᠭᠤᠤ ᠶᠡᠭᠡ ᠨᠢᠭᠡ ᠨᠠᠰᠤ ᠶᠢ ᠭᠦᠨᠵᠡᠭᠡᠢ ᠡᠷᠭᠢᠴᠡᠭᠦᠯᠵᠦ᠂ ᠳ᠋ᠧᠩ ᠰᠢᠶᠣᠣ ᠫᠢᠩ ᠨᠥᠬᠦᠷ ᠨᠠᠮ ᠪᠣᠯᠣᠨ ᠠᠷᠠᠳ ᠲᠦᠮᠡᠨ ᠢ ᠳᠠᠭᠠᠭᠤᠯᠤᠨ

ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ

ᠠᠮᠵᠢᠯᠲᠠ ᠲᠠᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠴᠦ᠂ ᠳ᠋ᠧᠩ  ᠰᠢᠶᠣᠣ  ᠫᠢᠩ ᠤᠨ ᠤᠨᠤᠯ ᠢ  ᠡᠭᠦᠳᠦᠭᠰᠡᠨ ᠠᠭᠤᠤ

ᠶᠡᠭᠡ ᠲᠡᠦᠬᠡᠲᠦ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂

ᠳ᠋ᠧᠩ ᠰᠢᠶᠣᠣ ᠫᠢᠩ ᠨᠥᠬᠦᠷ ᠤᠨ ᠡᠷᠬᠢᠮ ᠳᠡᠭᠡᠳᠦ ᠬᠤᠪᠢᠰᠬᠠᠯ ᠤᠨ ᠬᠡᠪ ᠨᠠᠮᠪᠠ ᠶᠢ ᠰᠤᠷᠤᠯᠴᠠᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ

ᠪᠦᠬᠦᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ

ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠣᠳᠣ ᠮᠡᠷᠭᠡᠨ ᠭᠦᠨ ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ

ᠰᠠᠨᠠᠭᠠᠲᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠵᠢᠯᠤᠭᠤᠳᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ

ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ

ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠪᠡ᠃

      ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂

ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ

ᠡᠷᠭᠢᠯᠡᠭᠴᠢ ᠮᠢᠶᠣᠣ ᠬᠤᠸᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ ᠤᠷᠢᠳ ᠬᠤᠵᠢᠳ ᠦᠭᠡ ᠬᠡᠯᠡᠪᠡ᠃

      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂

ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ

ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ

ᠣᠷᠣᠯᠴᠠᠪᠠ᠃

      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ

 ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ

ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠳ᠋ᠧᠩ ᠰᠢᠶᠣᠣ ᠫᠢᠩ ᠨᠥᠬᠦᠷ ᠤᠨ ᠲᠦᠷᠦᠯ ᠰᠠᠳᠤᠨ᠂

ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120

ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤ ᠣᠷᠣᠯᠴᠠᠬᠰᠠᠨ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ

ᠣᠷᠣᠯᠴᠠᠪᠠ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ