ᠡᠨᠡ ᠵᠢᠯ ᠠᠴᠠ ᠨᠠᠭᠠᠰᠢ᠂ ᠮᠠᠨ ᠤ ᠣᠷᠣᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠪᠰᠢᠭᠦᠯᠬᠦ᠂ ᠰᠢᠨ᠎ᠡ ᠪᠠᠷ ᠪᠤᠢ ᠪᠣᠯᠤᠭᠰᠠᠨᠠᠵᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠬᠥ᠋ᠭᠵᠢᠭᠦᠯᠬᠦ ᠶᠢ ᠤᠷᠢᠳᠴᠢᠯᠠᠨ | ᠪᠠᠶᠢᠷᠢᠰᠢᠭᠤᠯᠬᠤ ᠶᠢᠨ ᠲᠣᠭᠤᠷᠢᠨ ᠳᠤ᠂ ᠠᠩᠬᠠᠳᠠᠭᠴᠢ ᠪᠦᠯᠦᠭ ᠤᠨ ᠡᠨᠧᠷᠭᠢ ᠨᠥᠭᠡᠴᠡᠯᠡᠬᠦ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠬᠤᠪᠣᠷ | ᠰᠢᠷᠣᠢ᠂ ᠣᠨᠴᠠᠯᠢᠭᠲᠤ ᠰᠦ ᠶᠢᠨ ᠦᠢᠯᠡᠰ᠂ ᠤᠰᠤᠲᠥ᠋ᠷᠥᠭᠴᠢ ᠡᠨᠧᠷᠭᠢ ᠪᠠ ᠠᠭᠠᠷ ᠣᠭᠲᠠᠷᠭᠤᠢ ᠶᠢᠨ ᠰᠤᠨᠳᠠᠯᠠᠭᠰᠠᠨ ᠬᠡᠮᠵᠢᠭᠦᠷ ᠢᠶᠠᠷ ᠬᠡᠮᠵᠢᠬᠦ ᠦᠨᠳᠦᠰᠦᠨ | ᠪᠠᠷᠢᠮᠵᠢᠶᠠᠨ ᠤ ᠲᠣᠮᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ︽4 + 1︾ ᠴᠡᠭ ᠪᠠᠶᠢᠷᠢ ᠶᠢᠨ ᠪᠠᠶᠢᠷᠢᠰᠢᠭᠤᠯᠤᠯᠲᠠ ᠶᠢ ᠪᠣᠶ | ᠪᠣᠯᠭᠠᠵᠤ᠂ ᠲᠡᠷᠢᠭᠦᠨ ᠲᠠᠰ ᠤᠨ ᠮᠡᠷᠭᠡᠵᠢᠯᠲᠡᠳ ᠤᠨ ᠪᠦᠯᠬᠦᠮ ᠢ ᠣᠷᠣᠭᠤᠯᠤᠨ ᠠᠪᠴᠢᠷᠠᠵᠤ᠂ ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ᠂ ᠬᠠᠨᠳᠤᠯᠭ᠎ᠠ ᠲᠠᠢ ᠪᠠᠷ | ᠨᠠᠶᠢᠳᠠᠬᠤ ᠵᠡᠷᠭᠡ ᠠᠷᠭ᠎ᠠ ᠬᠡᠯᠪᠡᠷᠢ ᠪᠠᠷ 36 ᠵᠦᠢᠯ ᠤᠨ ᠴᠢᠬᠤᠯᠠ ᠶᠡᠭᠡ ᠰᠢᠪᠲᠤᠯᠤᠯᠲᠠ ᠶᠢᠨ ᠡᠭᠦᠷᠭᠡ ᠶᠢ ᠪᠦᠬᠦᠨ ᠢᠶᠠᠷ ᠨᠢ ᠡᠬᠢᠯᠡᠭᠦᠯᠵᠦ᠂ ᠬᠡᠰᠡᠭ ᠴᠡᠭ ᠪᠠᠶᠢᠷᠢ ᠪᠠᠷ | ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ ᠨᠢ ᠳᠠᠶᠢᠴᠢᠯᠠᠵᠠᠢ᠃ | ᠣᠲᠣ ᠪᠣᠯᠲᠠᠯ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ 31 ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 26.77 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠪᠡᠯᠡ ᠣᠷᠣᠭᠤᠯᠤᠯᠲᠠ 4.65 ᠳ᠋ᠦᠩᠰᠢᠭᠤᠷ ᠲᠥᠭᠦᠷᠢᠭ ᠪᠠᠶᠢᠵᠤ᠂ ᠤᠯᠤᠰ ᠤᠨ ᠵᠠᠷᠤᠳᠠᠯ ᠤᠨ ᠳᠡᠮᠵᠢᠯᠭᠡ ᠶᠢ 0.8 ᠳ᠋ᠦᠩᠰᠢᠭᠤᠷ ᠲᠥᠭᠦᠷᠢᠭ ᠣᠯᠵᠠᠢ᠂ ᠠᠶᠢᠮᠠᠭ | ᠬᠤᠲᠠ ᠪᠠ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ 21.32 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠪᠠ᠃ ︵ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |