ᠰᠢᠷ᠎ᠠ ᠪᠤᠷᠴᠠᠭ ᠬᠡᠦᠬᠡᠳ ᠤᠨ ᠰᠡᠳᠬᠢᠬᠦᠢ ᠶᠢ ᠬᠥᠭᠵᠢᠭᠦᠯᠵᠦ ᠠᠩᠬᠠᠷᠤᠯ ᠢ ᠲᠥᠪᠯᠡᠷᠡᠭᠦᠯᠦᠨ᠎ᠡ
ᠨᠡᠶᠢᠲᠡᠯᠡᠭᠰᠡᠨ ᠴᠠᠭ᠄
2024/8/23
      ᠠᠮᠧᠷᠢᠺᠠ ᠶᠢᠨ ᠢᠯᠢᠨᠤᠶ᠋ᠢᠰ ᠶᠡᠭᠡ ᠰᠤᠷᠭᠠᠭᠤᠯᠢ ᠶᠢᠨ ᠤᠷᠪᠠᠨᠠ - ᠱᠠᠮᠫᠸᠢᠨ ᠬᠤᠪᠢᠶᠠᠷᠢ ᠰᠤᠷᠭᠠᠭᠤᠯᠢ ᠶᠢᠨ ᠣᠷᠴᠢᠮ ᠤᠨ ᠨᠢᠭᠡᠨ ᠰᠢᠨ᠎ᠡ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠰᠤᠷᠬᠤ ᠨᠠᠰᠤᠨ ᠤ ᠬᠡᠦᠬᠡᠳ ᠢᠽᠥᠹᠯᠠᠸᠥᠨ ᠠᠷᠪᠢᠨ ᠠᠭᠤᠯᠤᠭᠰᠠᠨ ᠰᠢᠷ᠎ᠠ ᠪᠤᠷᠴᠠᠭ ᠤᠨ ᠢᠳᠡᠭᠡᠨ ᠢᠳᠡᠭᠰᠡᠨ ᠤ ᠳᠠᠷᠠᠭ᠎ᠠ᠂ ᠰᠡᠳᠬᠢᠬᠦ ᠴᠢᠳᠠᠪᠤᠷᠢ ᠪᠠ ᠠᠩᠬᠠᠷᠤᠯ ᠨᠢ ᠳᠡᠭᠡᠭᠰᠢᠯᠡᠨ᠎ᠡ ᠭᠡᠵᠡᠢ᠃ ᠢᠽᠥᠹᠯᠠᠸᠥᠨ ᠪᠣᠯ ᠡᠯ᠎ᠡ ᠵᠦᠢᠯ ᠤᠨ ᠤᠷᠭᠤᠮᠠᠯ ᠤᠨ ᠳᠣᠲᠣᠷ᠎ᠠ ᠨᠡᠶᠢᠲᠡᠯᠢᠭ ᠣᠷᠣᠰᠢᠳᠠᠭ ᠨᠢᠭᠡᠳᠪᠦᠷᠢ ᠪᠠᠶᠢᠵᠤ᠂ ᠣᠨᠴᠠᠭᠠᠶᠢᠯᠠᠨ ᠰᠢᠷ᠎ᠠ ᠪᠤᠷᠴᠠᠭ ᠪᠣᠯᠣᠨ ᠪᠤᠷᠴᠠᠭ ᠤᠨ ᠪᠦᠲᠦᠭᠡᠭᠳᠡᠬᠦᠨ ᠤ ᠳᠣᠲᠣᠷ᠎ᠠ ᠠᠭᠤᠯᠤᠭᠳᠠᠴᠠ ᠪᠠᠷ ᠠᠷᠪᠢᠨ ᠪᠠᠶᠢᠳᠠᠭ᠃ ᠰᠢᠷ᠎ᠠ ᠪᠤᠷᠴᠠᠭ ᠤᠨ ᠢᠽᠥᠹᠯᠠᠸᠥᠨ ᠤ ᠳᠠᠯᠳᠠ ᠨᠢᠭᠤᠴᠠᠯᠢᠭ ᠠᠰᠢᠭ ᠲᠤᠰᠠ ᠶᠢ ᠰᠤᠳᠤᠯᠬᠤ ᠶᠢᠨ ᠲᠥᠯᠥᠭᠡ᠂ ᠰᠤᠳᠤᠯᠭᠠᠨ ᠤ ᠪᠦᠯᠬᠦᠮ ᠤᠨ ᠬᠢᠨ ᠡᠮᠦᠨᠡᠬᠢ ᠨᠢᠭᠡ ᠰᠤᠳᠤᠯᠭᠠᠨ ᠤ ᠲᠤᠭ᠎ᠠ ᠪᠠᠷᠢᠮᠲᠠ ᠶᠢ ᠡᠷᠭᠢᠴᠡᠭᠦᠯᠪᠡ᠂ ᠲᠤᠰ ᠰᠤᠳᠤᠯᠭᠠᠨ ᠳᠤ 7 ᠨᠠᠰᠤᠨ ᠠᠴᠠ 13 ᠨᠠᠰᠤᠨ ᠤ 128 ᠬᠡᠦᠬᠡᠳ ᠬᠤᠯᠪᠣᠭᠳᠠᠵᠠᠢ᠃ ᠡᠲᠡᠭᠡᠷ ᠬᠡᠦᠬᠡᠳ ᠤᠨ 7 ᠡᠳᠦᠷ ᠤᠨ ᠢᠳᠡᠭᠡᠨ ᠤᠮᠳᠠᠭᠠᠨ ᠤ ᠲᠡᠮᠳᠡᠭᠯᠡᠯ ᠤᠨ ᠮᠡᠳᠡᠭᠡ ᠵᠠᠩᠭᠢ ᠶᠢ ᠦᠨᠳᠦᠰᠦᠯᠡᠵᠦ᠂ ᠢᠽᠥᠹᠯᠠᠸᠥᠨ ᠢ ᠪᠠᠭᠲᠠᠭᠠᠭᠰᠠᠨ ᠬᠡᠦᠬᠡᠳ ᠨᠢᠭᠡᠪᠦᠷᠢ ᠶᠢᠨ ᠢᠳᠡᠭᠡᠨ ᠤᠮᠳᠠᠭᠠᠨ ᠤ ᠳᠤᠮᠳᠠᠴᠢ ᠬᠡᠮᠵᠢᠶ᠎ᠡ ᠶᠢ ᠪᠤᠳᠤᠵᠤ ᠭᠠᠷᠭᠠᠵᠠᠢ᠃ ᠬᠡᠦᠬᠡᠳ ᠤᠨ ᠡᠩ ᠤᠨ ᠤᠶᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠯᠡᠬᠦ ᠶᠢᠨ ᠲᠥᠯᠥᠭᠡ᠂ ᠪᠦᠯᠬᠦᠮ ᠤᠨ ᠬᠢᠨ ᠨᠢᠭᠡᠨ ᠰᠢᠯᠭᠠᠯᠲᠠ ᠠᠪᠴᠤ᠂ ᠪᠠᠰᠠ ᠺᠣᠮᠫᠢᠦ᠋ᠲ᠋ᠧᠷ ᠤᠨ ᠰᠢᠯᠭᠠᠯᠲᠠ ᠪᠠᠷ ᠠᠩᠬᠠᠷᠤᠯ ᠢ ᠦᠨᠡᠯᠡᠨ ᠰᠢᠯᠭᠠᠬᠤ ᠶᠢᠨ ᠬᠠᠮᠲᠤ ᠬᠡᠦᠬᠡᠳ ᠤᠨ ᠲᠠᠷᠢᠬᠢᠨ ᠤ ᠴᠠᠬᠢᠯᠭᠠᠨ ᠳᠣᠯᠭᠢᠶᠠᠨ ᠤ ᠠᠵᠢᠯᠯᠠᠭ᠎ᠠ ᠶᠢ ᠲᠡᠮᠳᠡᠭᠯᠡᠵᠦ᠂ ᠰᠤᠷᠠᠭ ᠵᠠᠩᠭᠢ ᠶᠢ ᠰᠢᠢᠳᠪᠦᠷᠢᠯᠡᠬᠦ ᠬᠤᠷᠳᠤᠴᠠ ᠪᠠ ᠠᠩᠬᠠᠷᠤᠯ ᠤᠨ ᠲᠥᠪᠯᠡᠷᠡᠯ ᠤᠨ ᠬᠡᠮᠵᠢᠶ᠎ᠡ ᠶᠢ ᠬᠡᠮᠵᠢᠵᠡᠢ᠃ ᠵᠠᠳᠠᠯᠤᠯᠲᠠ ᠠᠴᠠ ᠦᠵᠡᠪᠡᠯ᠂ ᠪᠤᠷᠴᠠᠭ ᠤᠨ ᠲᠥᠷᠥᠯ ᠤᠨ ᠢᠳᠡᠭᠡᠨ ᠢ ᠨᠠᠩ ᠠᠷᠪᠢᠨ ᠢᠳᠡᠵᠦ ᠪᠠᠶᠢᠭ᠎ᠠ ᠲᠡᠳᠡᠭᠡᠷ ᠬᠡᠦᠬᠡᠳ ᠤᠨ ᠠᠩᠬᠠᠷᠤᠯ ᠨᠢ ᠨᠠᠩ ᠲᠦᠷᠭᠡᠨ ᠲᠤᠰᠬᠠᠯ ᠤᠨ ᠬᠤᠷᠳᠤᠴᠠ ᠪᠠ ᠰᠢᠢᠳᠪᠦᠷᠢᠯᠡᠬᠦ ᠬᠤᠷᠳᠤᠴᠠ ᠲᠠᠢ ᠶᠢ ᠢᠯᠡᠷᠡᠭᠦᠯᠵᠡᠢ᠃ ᠰᠤᠳᠤᠯᠭᠠᠨ ᠤ ᠠᠵᠢᠯᠲᠠᠨ ᠢᠯᠡᠷᠬᠡᠶᠢᠯᠡᠬᠦ ᠳᠡᠭᠡᠨ᠂ ᠪᠠᠷᠤᠭ 230 ᠭᠷᠡᠮ ᠤᠨ ᠪᠤᠷᠴᠠᠭ ᠤᠨ ᠵᠤᠲᠠᠩ ᠳᠤ ᠪᠠᠷᠤᠭ 28 ᠮᠢᠯᠢᠭᠷᠡᠮ ᠢᠽᠥᠹᠯᠠᠸᠥᠨ ᠠᠭᠤᠯᠤᠭᠳᠠᠵᠤ ᠪᠠᠶᠢᠨ᠎ᠠ᠃ ᠢᠽᠥᠹᠯᠠᠸᠥᠨ ᠢ ᠰᠢᠩᠭᠡᠬᠡᠨ ᠠᠪᠬᠤ ᠬᠡᠮᠵᠢᠶ᠎ᠡ ᠶᠢ ᠨᠡᠮᠡᠭᠳᠡᠭᠦᠯᠬᠦ ᠳᠤ ᠰᠢᠷ᠎ᠠ ᠪᠤᠷᠴᠠᠭ ᠪᠤᠶᠤ ᠪᠤᠷᠴᠠᠭ ᠤᠨ ᠵᠤᠲᠠᠩ ᠨᠢ ᠵᠦᠭᠡᠷ ᠰᠣᠩᠭᠤᠯᠲᠠ ᠪᠤᠯᠬᠤ ᠪᠥᠭᠡᠳ ᠪᠠᠰᠠ ᠪᠤᠷᠴᠠᠭ ᠤᠨ ᠢᠰᠬᠡᠮᠡᠯ᠂ ᠳ᠋ᠧᠦᠹᠦ ᠶᠢ ᠰᠣᠩᠭᠤᠵᠤ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ